| 3 ᠰᠠᠷ᠎ᠠ ᠶᠢᠨ 25 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠠᠶᠢᠮᠠᠭ ᠤᠨ ᠳᠠᠷᠤᠭ᠎ᠠ ᠢᠦᠶ ᠵᠢᠶ ᠱᠦᠨ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ | ᠰᠢᠨᠵᠢᠯᠡᠨ ᠪᠠᠶᠢᠴᠠᠭᠠᠯᠳᠠ ᠬᠢᠪᠠ᠃ | ᠢᠦᠶ ᠵᠢᠶ ᠱᠦᠨ ᠤᠷᠢᠳ ᠬᠤᠵᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠤᠷᠪᠠᠳᠤᠭᠠᠷ | ᠳᠤᠮᠳᠠᠳᠤ ᠰᠤᠷᠭᠠᠭᠤᠯᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ᠂ | ᠤᠯᠠᠭᠠᠨᠬᠤᠲᠠ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ᠂ ᠬᠤᠭᠤᠯᠠᠨ ᠭᠡᠷ᠂ ᠬᠢᠴᠢᠶᠡᠯ ᠤᠨ ᠭᠡᠷ᠂ | ᠰᠤᠷᠭᠠᠭᠤᠯᠢ ᠶᠢᠨ ᠲᠡᠤᠭᠡ ᠶᠢᠨ ᠤᠷᠳᠤᠨ ᠵᠡᠷᠭᠡ ᠲᠠᠯᠠᠪᠤᠷ ᠢᠶᠠᠷ ᠬᠦᠨᠵᠡᠭᠡᠶᠢᠷᠡᠬᠦ ᠪᠠᠷ ᠲᠠᠮᠵᠢᠨ ᠰᠤᠷᠭᠠᠭᠤᠯᠢ ᠶᠢᠨ | ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠳᠥᠯᠭᠢᠨ ᠠᠬᠢᠭᠤᠯᠬᠤ᠂ ᠤᠯᠤᠰ ᠤᠨ | ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠵᠡᠷᠭᠡ ᠠᠵᠢᠯ ᠢ ᠲᠤᠬᠠᠶ ᠶᠢᠨ ᠲᠠᠯᠠᠪᠤᠷ ᠲᠤᠨᠢ | ᠰᠢᠨᠵᠢᠯᠡᠨ ᠪᠠᠶᠢᠴᠠᠭᠠᠵᠦ ᠬᠢᠨᠠᠨ ᠵᠢᠯᠣᠭᠤᠳᠪᠠ᠃ ᠲᠡᠷᠡ ᠴᠢᠬᠤᠯᠠᠴᠢᠯᠠᠭᠰᠠᠨ ᠨᠢ᠂ ᠰᠤᠷᠭᠠᠭᠤᠯᠢ ᠶᠢᠨ ᠬᠦᠷᠢᠶᠡᠨ ᠤ | ᠠᠮᠤᠷ ᠲᠦᠪᠰᠢᠨ ᠤ ᠬᠠᠮᠢᠶᠠᠷᠤᠯᠳᠠ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠳᠡᠭᠡᠨ ᠤ ᠠᠮᠤᠷ ᠲᠦᠪᠰᠢᠨ ᠢ | ᠪᠠᠳᠤᠯᠠᠬᠤ ᠠᠵᠢᠯ ᠢ ᠡᠬᠢ ᠡᠬᠦᠰᠦᠯ ᠠᠴᠠ ᠨᠢ ᠰᠠᠶᠢᠲᠤᠷ ᠠᠳᠬᠤᠵᠤ᠂ ᠬᠢᠨᠠᠯᠲᠠ ᠬᠠᠮᠢᠶᠠᠷᠤᠯᠲᠠ ᠶᠢᠨ ᠠᠷᠭ᠎ᠠ | ᠬᠡᠮᠵᠢᠶ᠎ᠡ ᠶᠢ ᠴᠢᠨᠠᠭᠰᠢᠳᠠ ᠲᠡᠭᠦᠯᠳᠡᠷᠵᠢᠭᠦᠯᠵᠦ᠂ ᠪᠠᠭᠰᠢ ᠰᠤᠷᠤᠭᠴᠢᠳ ᠢ ᠰᠠᠨᠠᠭ᠎ᠠ ᠠᠮᠤᠷ ᠢᠳᠡᠭᠦᠯᠵᠦ᠂ ᠭᠡᠷ ᠤᠨ | ᠠᠬᠠᠮᠠᠳ ᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠢ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠦᠭᠡ ᠬᠡᠯᠡ ᠦᠰᠦᠭ ᠪᠢᠴᠢᠭ ᠢ | ᠳᠦᠷᠢᠮᠵᠢᠭᠦᠯᠬᠦ ᠱᠠᠭᠠᠷᠳᠠᠯᠭ᠎ᠠ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠯ᠎ᠡ ᠭᠤᠭᠴᠤᠭ᠎ᠠ ᠳᠤ ᠣᠷᠣᠭᠤᠯᠬᠤ | ᠬᠡᠷᠡᠭᠲᠡᠶ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠵᠠᠭᠪᠤᠷ᠂ ᠬᠥᠮᠦᠨ | ᠬᠥᠮᠦᠵᠢᠭᠦᠯᠬᠦ ᠠᠷᠭ᠎ᠠ ᠮᠠᠶ᠋ᠢᠭ᠂ ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠷᠭ᠎ᠠ | ᠵᠠᠮ ᠢ ᠪᠦᠲᠦᠮᠵᠢᠲᠡᠶ ᠥᠷᠭᠡᠳᠭᠡᠨ᠂ ᠰᠢᠯᠢᠳᠡᠭ ᠪᠠᠭᠰᠢ ᠶᠢᠨ ᠱᠠᠳᠤᠯᠵᠢᠨ ᠬᠡᠯᠪᠡᠷᠢ ᠶᠢᠨ ᠡᠩᠨᠡᠭᠡ ᠶᠢ ᠬᠥᠮᠦᠵᠢᠭᠦᠯᠬᠦ | ᠲᠣᠭᠲᠠᠴᠠ ᠶᠢ ᠪᠠᠶᠢᠭᠤᠯᠵᠤ᠂ ᠪᠠᠭᠰᠢ ᠶᠢᠨ ᠵᠢᠭᠠᠨ ᠰᠤᠷᠭᠠᠬᠤ ᠠᠷᠭ᠎ᠠ ᠶᠢᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ | ᠂ ᠤᠯᠤᠰ ᠤᠨ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠣᠭᠲᠠᠭᠤᠨ ᠢᠶᠠᠷ ᠭᠦᠨᠵᠡᠭᠡᠶ | ᠬᠡᠷᠡᠭᠵᠢᠭᠦᠯᠬᠦ ᠶᠢ ᠳᠥᠯᠭᠢᠨ ᠠᠬᠢᠭᠤᠯᠬᠤ ᠬᠡᠷᠡᠭᠲᠡᠶ ᠭᠡᠪᠡ᠃ | ᠢᠦᠢ ᠵᠢᠢ ᠱᠦᠨ ᠪᠠᠰᠠ ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠨᠣᠮ ᠤᠨ | ᠰᠠᠩ ᠤᠨ ᠪᠠᠶᠢᠭᠤᠯᠤᠯᠲᠠ ᠵᠢᠴᠢ ᠡᠷᠬᠢᠯᠳᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠪᠠ᠃ ᠲᠡᠷᠡ | ᠴᠢᠬᠤᠯᠠᠴᠢᠯᠠᠭᠰᠠᠨ ᠨᠢ᠂ ᠦᠢᠯᠡᠴᠢᠯᠡᠭᠡ ᠡᠵᠡᠩᠨᠡᠯᠲᠡ ᠬᠠᠮᠢᠶᠠᠷᠤᠯᠲᠠ ᠶᠢᠨ ᠲᠦᠪᠰᠢᠨ ᠢ ᠦᠷᠭᠦᠯᠵᠢᠯᠡᠨ | ᠳᠡᠭᠡᠭᠰᠢᠯᠡᠭᠦᠯᠵᠦ᠂ ᠰᠤᠶᠤᠯ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠬᠦᠯᠬᠦ ᠶᠢ ᠴᠢᠩᠭᠠᠳᠬᠠᠵᠦ᠂ ᠤᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠨ | ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠵᠤ᠂ ᠤᠯᠠᠨ ᠨᠡᠶᠢᠲᠡ ᠶᠢᠨ ᠰᠣᠶᠣᠯ ᠤᠨ ᠲᠠᠯᠠᠪᠤᠷ ᠤᠨ ᠨᠡᠶᠢᠭᠡᠮ ᠳᠤ | ᠦᠢᠯᠡᠴᠢᠯᠡᠬᠦ᠂ ᠬᠥᠭᠵᠢᠯᠲᠡ ᠶᠢ ᠠᠬᠢᠭᠤᠯᠬᠤ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ ᠭᠡᠵᠡᠢ᠃ ︵ᠵᠠᠩ | ᠴᠢᠶᠠᠩ︶ |