ᠤᠯᠤᠰ ᠤᠨ ᠨᠥᠬᠦᠪᠦᠷᠢ ᠨᠦᠭᠦᠳ ᠢ ᠲᠠ ᠭᠤᠶᠤᠴᠢᠯᠠᠭᠰᠠᠨ ᠦᠦ︖
ᠨᠡᠶᠢᠲᠡᠯᠡᠭᠰᠡᠨ ᠴᠠᠭ᠄
2025/4/14
         ᠡᠨᠡ ᠵᠢᠯ ᠠᠴᠠ ᠨᠠᠭᠠᠰᠢ᠂ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠪᠡᠯᠡ ᠮᠥᠩᠭᠦ ᠶᠢ 3000 ᠳ᠋ᠦᠩᠰᠢᠭᠤᠷ ᠲᠥᠭᠦᠷᠢᠭ ᠪᠣᠯᠲᠠᠯ᠎ᠠ ᠶᠡᠭᠡ ᠪᠠᠷ ᠨᠡᠮᠡᠭᠳᠡᠭᠦᠯᠵᠦ᠂ ᠵᠦᠢᠯᠡᠰ ᠵᠢᠴᠢ ᠨᠦᠬᠦᠪᠦᠷᠢᠯᠡᠬᠦ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠬᠦ ᠶᠢ ᠳᠡᠮᠵᠢᠪᠡ᠃        ᠭᠡᠷ ᠤᠨ ᠴᠠᠬᠢᠯᠭᠠᠨ ᠬᠡᠷᠡᠭᠰᠡᠯ ᠳ᠋ᠢᠭᠢᠲ ᠦᠢᠯᠡᠳᠬᠦᠨ ᠪᠦᠷᠢ ᠳᠤ ᠬᠠᠮᠤᠭ ᠶᠡᠭᠡ ᠳᠤ ᠪᠠᠨ 2000 ᠲᠥᠭᠦᠷᠢᠭ ᠨᠦᠬᠦᠪᠦᠷᠢᠯᠡᠵᠦ᠂ ᠭᠠᠷ ᠤᠲᠠᠰᠤᠨ ᠤ ᠳ᠋ᠢᠭᠢᠲ ᠦᠢᠯᠡᠳᠬᠦᠨ ᠪᠦᠷᠢ ᠳᠤ ᠬᠠᠮᠤᠭ ᠶᠡᠭᠡ ᠳᠤ ᠪᠠᠨ 500 ᠲᠥᠭᠦᠷᠢᠭ ᠨᠦᠬᠦᠪᠦᠷᠢᠯᠡᠨ᠂ ᠬᠠᠭᠤᠴᠢᠨ ᠮᠠᠰᠢᠨ ᠲᠡᠷᠭᠡ ᠪᠠᠨ ᠬᠤᠳᠠᠯᠳᠤᠵᠤ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠳᠤ ᠮᠠᠰᠢᠨ ᠲᠡᠷᠭᠡ ᠪᠦᠷᠢ ᠳᠤ ᠬᠠᠮᠤᠭ ᠶᠡᠭᠡ ᠳᠤ ᠪᠠᠨ 1.5 ᠲᠦᠮᠡᠨ ᠲᠥᠭᠦᠷᠢᠭ ᠨᠦᠬᠦᠪᠦᠷᠢᠯᠡᠨ᠎ᠡ︕        ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠳᠤ ᠪᠠᠰᠠ ᠨᠥᠬᠦᠪᠦᠷᠢ ᠲᠠᠢ︕        ᠣᠳᠣ ᠪᠠᠷ ᠢᠶᠠᠨ ᠰᠢᠨ᠎ᠡ ᠶᠢ ᠰᠣᠯᠢᠪᠠᠯ ᠮᠠᠰᠢ ᠶᠡᠭᠡ ᠬᠠᠷᠠᠭᠠᠯᠵᠠᠯ ᠬᠦᠷᠲᠡᠨ᠎ᠡ︕        ᠭᠠᠷ ᠤᠲᠠᠰᠤ ᠬᠠᠪᠲᠠᠭᠠᠢ ᠺᠣᠮᠫᠢᠦ᠋ᠲ᠋ᠧᠷ ᠵᠡᠷᠭᠡ ᠳ᠋ᠢᠭᠢᠲ ᠦᠢᠯᠡᠳᠬᠦᠨ᠂ ᠭᠡᠷ ᠤᠨ ᠴᠠᠬᠢᠯᠭᠠᠨ ᠬᠡᠷᠡᠭᠰᠡᠯ ᠢ ᠰᠢᠨ᠎ᠡ ᠪᠠᠷ ᠰᠣᠯᠢᠪᠠᠯ ᠳᠠᠷᠠᠭᠠᠴᠢ ᠶᠢᠨ ᠵᠦᠢᠯᠡᠰ ᠢ ᠠᠩᠬᠠᠷᠤᠭᠠᠷᠠᠢ        ᠭᠠᠷ ᠤᠲᠠᠰᠤ ᠵᠡᠷᠭᠡ ᠳ᠋ᠢᠭᠢᠲ ᠦᠢᠯᠡᠳᠬᠦᠨ ᠤ ᠰᠢᠨ᠎ᠡ ᠶᠢ ᠬᠤᠳᠠᠯᠳᠤᠨ ᠠᠪᠬᠤ ᠵᠢᠴᠢ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠬᠤᠷᠢᠶᠠᠩᠭᠤᠢ
 1.png   
        ᠵᠢᠵᠢᠭ ᠫᠷᠣᠭ᠍ᠷᠠᠮ ᠢᠶᠠᠷ ᠯᠠᠪᠯᠠᠭᠠᠷᠠᠢ        ᠭᠤᠶᠤᠴᠢᠯᠠᠨ ᠠᠪᠬᠤ ᠠᠷᠭ᠎ᠠ᠄        1. ᠬᠡᠷᠡᠭᠴᠡᠭᠡ ᠪᠠᠨ ᠦᠨᠳᠦᠰᠦᠯᠡᠵᠦ᠂ ᠭᠠᠷ ᠤᠲᠠᠰᠤ ᠵᠡᠷᠭᠡ ᠳ᠋ᠢᠭᠢᠲ ᠦᠢᠯᠡᠳᠬᠦᠨ ᠤ ᠰᠢᠨ᠎ᠡ ᠶᠢ ᠬᠤᠳᠠᠯᠳᠤᠨ ᠠᠪᠬᠤ ᠪᠤᠶᠤ ᠭᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠳᠠᠷᠤᠪᠴᠢ ᠶᠢ ᠰᠤᠩᠭᠤᠨ᠎ᠠ᠃
 2.jpg3.jpg   
        2. ᠲᠠᠨ ᠤ ᠪᠠᠶᠢᠭ᠎ᠠ ᠬᠤᠲᠠ ᠪᠠᠨ ᠰᠣᠩᠭᠤᠵᠤ᠂ ᠰᠠᠨᠠᠭᠤᠯᠤᠮᠵᠢ ᠶᠢ ᠦᠨᠳᠦᠰᠦᠯᠡᠨ ᠲᠤᠰ ᠭᠠᠵᠠᠷ ᠤᠨ ᠢᠶᠠᠨ ᠲᠥᠷᠥ ᠶᠢᠨ ᠪᠣᠳᠣᠯᠭ᠎ᠠ ᠶᠢ ᠯᠠᠪᠯᠠᠵᠤ᠂ ᠬᠠᠮᠢᠶ᠎ᠠ ᠪᠦᠬᠦᠢ ᠬᠠᠷᠠᠭᠠᠯᠵᠠᠯ ᠢ ᠰᠤᠩᠭᠤᠵᠤ ᠠᠪᠤᠨ᠎ᠠ᠃
 4.jpg  
        ᠮᠠᠰᠢᠨ ᠲᠡᠷᠭᠡ ᠶᠢ ᠰᠢᠨ᠎ᠡ ᠪᠠᠷ ᠰᠣᠯᠢᠪᠠᠯ ᠳᠠᠷᠠᠭᠠᠴᠢ ᠶᠢᠨ ᠵᠦᠢᠯᠡᠰ ᠢ ᠠᠩᠬᠠᠷᠤᠭᠠᠷᠠᠢ        ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠭᠤᠶᠤᠴᠢᠯᠠᠬᠤ
 5.png   
        ᠵᠢᠵᠢᠭ ᠫᠷᠣᠭ᠍ᠷᠠᠮ ᠢᠶᠠᠷ ᠯᠠᠪᠯᠠᠭᠠᠷᠠᠢ        ᠭᠤᠶᠤᠴᠢᠯᠠᠨ ᠠᠪᠬᠤ ᠠᠷᠭ᠎ᠠ᠄        1. ︽2025 ᠣᠨ ᠤ ᠬᠡᠷᠡᠭᠴᠡᠭᠡᠨ ᠠᠴᠠ ᠭᠠᠷᠭᠠᠵᠤ ᠰᠢᠨᠡᠳᠬᠡᠬᠦ ᠭᠤᠶᠤᠴᠢᠯᠠᠯ ᠤᠨ ᠣᠷᠣᠴᠠ︾ ᠪᠠᠷ ᠣᠷᠣᠨ᠎ᠠ
6.jpg
7.jpg
            2. ᠨᠥᠬᠦᠪᠦᠷᠢ ᠶᠢ ᠬᠦᠯᠢᠶᠡᠨ ᠠᠪᠴᠤ ᠭᠦᠢᠴᠡᠳᠬᠡᠬᠦ ᠭᠠᠵᠠᠷ ᠢᠶᠠᠨ ᠰᠣᠩᠭᠤᠵᠤ᠂ ᠰᠠᠨᠠᠭᠤᠯᠤᠮᠵᠢ ᠶᠢ ᠦᠨᠳᠦᠰᠦᠯᠡᠨ ᠬᠤᠪᠢ ᠬᠥᠮᠥᠨ ᠤ ᠮᠡᠳᠡᠭᠡ ᠵᠠᠩᠭᠢ ᠪᠠᠨ ᠪᠢᠴᠢᠵᠤ᠂ ᠳᠠᠷᠠᠭᠠᠴᠢ ᠶᠢᠨ ᠰᠠᠨᠠᠭᠤᠯᠤᠮᠵᠢ ᠳᠤ ᠣᠷᠣᠨ᠎ᠠ᠃
 8.jpg   
        3. ᠰᠠᠨᠠᠭᠤᠯᠤᠮᠵᠢ ᠶᠢ ᠦᠨᠳᠦᠰᠦᠯᠡᠨ᠂ ᠭᠤᠶᠤᠴᠢᠯᠠᠭᠴᠢ ᠶᠢᠨ ᠮᠡᠳᠡᠭᠡ ᠵᠠᠩᠭᠢ᠂ ᠬᠡᠷᠡᠭᠴᠡᠭᠡᠨ ᠠᠴᠠ ᠭᠠᠷᠭᠠᠭᠰᠠᠨ ᠮᠠᠰᠢᠨ ᠲᠡᠷᠭᠡᠨ ᠤ ᠮᠡᠳᠡᠭᠡ ᠵᠠᠩᠭᠢ᠂ ᠬᠤᠳᠠᠯᠳᠤᠨ ᠠᠪᠬᠤ ᠰᠢᠨ᠎ᠡ ᠮᠠᠰᠢᠨ ᠲᠡᠷᠭᠡᠨ ᠤ ᠮᠡᠳᠡᠭᠡ ᠵᠠᠩᠭᠢ ᠶᠢ ᠲᠠᠭᠯᠠᠪᠠᠯ᠂ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠭᠤᠶᠤᠴᠢᠯᠠᠵᠤ ᠪᠣᠯᠣᠨ᠎ᠠ᠃
 9.jpg   
        ᠵᠢᠵᠢᠭ ᠫᠷᠣᠭ᠍ᠷᠠᠮ ᠢᠶᠠᠷ ᠲᠥᠷᠥ ᠶᠢᠨ ᠪᠣᠳᠣᠯᠭ᠎ᠠ ᠶᠢ ᠯᠠᠪᠯᠠᠵᠤ ᠨᠥᠬᠦᠪᠦᠷᠢ ᠪᠠᠨ ᠨᠢᠭᠡ ᠯᠡ ᠳᠠᠷᠤᠪᠴᠢ ᠪᠠᠷ ᠭᠤᠶᠤᠴᠢᠯᠠᠬᠤ ᠪᠣᠯᠣᠨ᠎ᠠ᠃
   10.png
 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号