| | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 8 ᠤ ᠴᠠᠭᠢᠯᠭᠠᠨ ᠮᠡᠳᠡᠭᠡ ᠣᠶᠢᠷ᠎ᠠ ᠳᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠠᠯᠪᠠᠨ ᠲᠢᠩᠬᠢᠮ ︽ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠢ ᠠᠵᠢᠯ ᠣᠯᠭᠤᠯᠲᠠ ᠶᠢᠨ | ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ | ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ᠴᠢᠨᠠᠷ ᠰᠠᠶᠢᠲᠠᠢ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠵᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ | ᠠᠬᠢᠭᠤᠯᠬᠤ ᠲᠤᠬᠠᠢ ᠬᠤᠯᠪᠣᠭᠳᠠᠯ ᠪᠦᠬᠦᠢ ᠠᠵᠢᠯ ᠳᠤ ᠪᠠᠶᠢᠷᠢᠯᠠᠭᠤᠯᠤᠯᠲᠠ ᠬᠢᠪᠡ᠃ | ︽ᠰᠠᠨᠠᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠭᠤᠣᠯᠳᠠᠯᠭ᠎ᠠ ᠶᠢᠨ | ᠳᠣᠲᠣᠷᠠᠬᠢ ᠭᠤᠣᠯᠳᠠᠯᠭ᠎ᠠ ᠪᠤᠯᠭᠠᠵᠤ᠂ ᠰᠤᠷᠭᠠᠨ ᠬᠥᠮᠦᠵᠢᠯ᠂ ᠪᠣᠯᠪᠠᠰᠤᠷᠠᠯ ᠪᠠ ᠠᠵᠢᠯ ᠣᠯᠭᠤᠯᠲᠠ ᠶᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠠᠳᠬᠤᠵᠤ᠂ ᠠᠵᠤ ᠦᠢᠯᠡᠰ ᠤᠨ ᠦᠵᠦᠭᠦᠷᠯᠢᠭ ᠤᠨ ᠴᠢᠳᠠᠪᠤᠷᠢᠲᠠᠨ ᠤ ᠬᠡᠷᠡᠭᠴᠡᠭᠡ | ᠱᠠᠭᠠᠷᠳᠠᠯᠭ᠎ᠠ ᠪᠠ ᠠᠵᠢᠯ ᠣᠯᠭᠤᠯᠲᠠ ᠶᠢᠨ ᠦᠵᠦᠭᠦᠷᠯᠢᠭ ᠤᠨ ᠦᠨᠡᠯᠡᠯᠲᠡ ᠶᠢᠨ ᠬᠠᠷᠢᠭᠤ ᠲᠤᠰᠬᠠᠯ ᠢᠶᠠᠷ ᠵᠢᠯᠣᠭᠤᠳᠤᠯᠭ᠎ᠠ | ᠪᠤᠯᠭᠠᠵᠤ᠂ ᠬᠥᠮᠥᠵᠢᠭᠦᠯᠵᠦ ᠬᠠᠩᠭᠠᠬᠤ᠂ ᠠᠵᠢᠯ ᠣᠯᠭᠤᠯᠲᠠ ᠶᠢᠨ ᠵᠢᠯᠣᠭᠤᠳᠤᠯᠭ᠎ᠠ ᠬᠢᠬᠦ᠂ ᠠᠵᠢᠯ ᠡᠷᠢᠵᠦ ᠠᠵᠢᠯᠲᠠᠨ | ᠡᠯᠰᠡᠬᠦ᠂ ᠬᠠᠪᠰᠤᠷᠤᠨ ᠲᠡᠳᠬᠦᠵᠦ ᠲᠤᠰᠠᠯᠠᠬᠤ᠂ ᠬᠢᠨᠠᠨ ᠬᠡᠮᠵᠢᠵᠦ ᠦᠨᠡᠯᠡᠬᠦ ᠵᠡᠷᠭᠡ ᠦᠢᠯᠡᠴᠢᠯᠡᠭᠡ ᠶᠢ ᠪᠦᠭᠦ ᠬᠡᠯᠬᠢᠶ᠎ᠡ ᠪᠠᠷ | ᠰᠢᠯᠢᠳᠡᠭᠵᠢᠭᠦᠯᠵᠦ᠂ ᠨᠡᠩ ᠤᠯᠠᠨ ᠰᠤᠷᠤᠬᠰᠠᠨ ᠪᠠ ᠳᠠᠪᠠᠭᠤᠯᠢᠭ ᠢᠶᠠᠨ ᠪᠠᠳᠠᠷᠠᠭᠤᠯᠬᠤ ᠳᠤ ᠠᠰᠢᠭᠲᠠᠢ ᠠᠵᠢᠯ ᠣᠯᠭᠤᠬᠤ | ᠠᠵᠢᠯ ᠤᠨ ᠪᠠᠶᠢᠷᠢ ᠶᠢ ᠨᠡᠭᠡᠭᠡᠵᠦ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠮᠥᠨ | ᠪᠠ ᠠᠵᠢᠯ ᠤᠨ ᠪᠠᠶᠢᠷᠢ ᠶᠢ ᠬᠠᠷᠢᠯᠴᠠᠨ ᠵᠣᠬᠢᠴᠠᠭᠤᠯᠬᠤ᠂ ᠬᠥᠮᠥᠨ ᠤ ᠳᠠᠪᠠᠭᠤᠯᠢᠭ ᠢ ᠨᠢ ᠦᠵᠡᠵᠦ ᠬᠡᠷᠡᠭᠯᠡᠬᠦ᠂ ᠬᠥᠮᠥᠨ ᠤ | ᠴᠢᠳᠠᠪᠤᠷᠢ ᠶᠢ ᠨᠢ ᠪᠦᠷᠢᠨ ᠪᠠᠳᠠᠷᠠᠭᠤᠯᠬᠤ ᠶᠢ ᠴᠢᠷᠮᠠᠶᠢᠨ ᠪᠡᠶᠡᠯᠡᠭᠦᠯᠵᠦ᠂ ᠠᠵᠢᠯ ᠣᠯᠭᠤᠯᠲᠠ ᠶᠢᠨ ᠶᠠᠰᠤ ᠴᠢᠨᠠᠷ ᠪᠠ | ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠦᠨ᠎ᠡ᠃ 3 ᠠᠴᠠ 5 ᠵᠢᠯ ᠦᠷᠭᠦᠯᠵᠢᠯᠡᠨ ᠴᠢᠷᠮᠠᠶᠢᠬᠤ ᠪᠠᠷ ᠳᠡᠮᠵᠢᠨ᠂ ᠪᠦᠭᠦ | ᠠᠵᠢᠯᠲᠠᠨ ᠢ ᠬᠠᠮᠤᠷᠤᠭᠰᠠᠨ᠂ ᠴᠢᠳᠠᠮᠵᠢ ᠨᠢ ᠪᠦᠷᠢᠨ ᠲᠡᠭᠦᠯᠳᠡᠷ᠂ ᠪᠠᠲᠤᠯᠠᠭ᠎ᠠ ᠨᠢ ᠬᠦᠴᠦᠲᠡᠢ ᠦᠢᠯᠡᠴᠢᠯᠡᠭᠡᠨ ᠤ ᠰᠢᠰᠲ᠋ᠧᠮ ᠢ | ᠦᠨᠳᠦᠰᠦᠨ ᠳᠡᠭᠡᠨ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠢ ᠭᠦᠢᠴᠡᠳ ᠠᠵᠢᠯ | ᠣᠯᠬᠤ ᠶᠢ ᠠᠬᠢᠭᠤᠯᠬᠤ ᠳᠤ ᠪᠠᠲᠤ ᠪᠠᠬᠢ ᠪᠠᠲᠤᠯᠠᠭ᠎ᠠ ᠬᠠᠩᠭᠠᠨ᠎ᠠ᠃ | ︽ᠰᠠᠨᠠᠯ︾ ᠳᠤ᠂ ᠬᠥᠮᠥᠵᠢᠭᠦᠯᠵᠦ ᠬᠠᠩᠭᠠᠬᠤ ᠰᠢᠰᠲ᠋ᠧᠮ ᠢ ᠰᠢᠯᠢᠳᠡᠭᠵᠢᠭᠦᠯᠦᠨ᠎ᠡ᠃ ᠴᠢᠳᠠᠪᠤᠷᠢᠲᠠᠨ ᠤ | ᠬᠥᠭᠵᠢᠯᠲᠡ ᠶᠢᠨ ᠬᠠᠨᠳᠤᠰᠢ ᠵᠢᠴᠢ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ | ᠮᠠᠭᠠᠳᠯᠠᠵᠤ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠴᠢᠳᠠᠪᠤᠷᠢᠲᠠᠨ ᠤ | ᠬᠠᠩᠭᠠᠯᠭ᠎ᠠ ᠬᠡᠷᠡᠭᠴᠡᠭᠡ ᠶᠢᠨ ᠬᠠᠷᠢᠴᠠᠭᠠᠨ ᠤ ᠪᠠᠷᠠᠯᠠᠯᠲᠤ ᠴᠢᠨᠠᠷᠲᠠᠢ ᠵᠠᠳᠠᠯᠤᠯᠲᠠ ᠶᠢ ᠥᠷᠨᠢᠭᠦᠯᠦᠨ᠎ᠡ᠃ ᠬᠠᠩᠭᠠᠯᠭ᠎ᠠ | ᠬᠡᠷᠡᠭᠴᠡᠭᠡ ᠶᠢᠨ ᠲᠣᠬᠢᠷᠠᠭᠤᠯᠤᠯᠲᠠ ᠪᠠᠷ ᠤᠳᠤᠷᠢᠳᠤᠮᠵᠢ ᠪᠣᠯᠭᠠᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠢ | ᠮᠡᠷᠭᠡᠵᠢᠯ ᠪᠠ ᠡᠬᠢ ᠪᠠᠶᠠᠯᠢᠭ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠬᠥᠳᠡᠯᠦᠩᠭᠦᠢ ᠪᠠᠷ ᠲᠣᠬᠢᠷᠠᠭᠤᠯᠵᠤ᠂ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠤᠨ ᠬᠡᠪᠴᠢᠶ᠎ᠡ᠂ ᠪᠦᠲᠦᠴᠡ᠂ ᠶᠠᠰᠤ ᠴᠢᠨᠠᠷ ᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢᠨ ᠱᠠᠭᠠᠷᠳᠠᠯᠭ᠎ᠠ ᠳᠤ ᠨᠠᠩ ᠢᠯᠡᠭᠦᠦ ᠨᠡᠶᠢᠴᠡᠭᠦᠯᠬᠦ ᠶᠢ ᠠᠬᠢᠭᠤᠯᠤᠨ᠎ᠠ᠃ ᠰᠣᠷᠣᠬᠴᠢ ᠡᠯᠰᠡᠬᠦ ᠲᠥᠯᠥᠪᠯᠡᠭᠡ᠂ | ᠴᠢᠳᠠᠪᠤᠷᠢᠲᠠᠨ ᠬᠥᠮᠥᠵᠢᠭᠦᠯᠬᠦ ᠬᠢᠭᠡᠳ ᠠᠵᠢᠯ ᠣᠯᠭᠤᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠰᠣᠷᠣᠬᠴᠢ ᠡᠯᠰᠡᠬᠦ ᠲᠥᠯᠥᠪᠯᠡᠭᠡ ᠶᠢᠨ ᠬᠤᠪᠢᠶᠠᠷᠢᠯᠠᠬᠤ ᠠᠷᠭ᠎ᠠ ᠮᠠᠶ᠋ᠢᠭ ᠢ ᠰᠢᠯᠢᠳᠡᠭᠵᠢᠭᠦᠯᠦᠨ᠂ ᠶᠡᠭᠡ | ᠳᠡᠭᠡᠳᠦ ᠰᠤᠷᠭᠠᠭᠤᠯᠢ ᠶᠢᠨ ᠨᠠᠩ ᠠᠮᠢᠳᠤᠯᠢᠭ ᠰᠤᠷᠤᠯᠴᠠᠬᠤ ᠳᠦᠷᠢᠮ ᠪᠠᠶᠢᠭᠤᠯᠬᠤ ᠶᠢ ᠵᠣᠷᠢᠭᠵᠢᠭᠤᠯᠵᠤ᠂ ᠲᠤᠰᠬᠠᠢ | ᠮᠡᠷᠭᠡᠵᠢᠯ ᠢᠶᠠᠨ ᠰᠣᠯᠢᠬᠤ᠂ ᠪᠤᠰᠤᠳ ᠲᠤᠰᠬᠠᠢ ᠮᠡᠷᠭᠡᠵᠢᠯ ᠢ ᠬᠠᠪᠰᠤᠷᠭᠠᠨ ᠰᠤᠷᠬᠤ ᠵᠡᠷᠭᠡ ᠲᠣᠭᠲᠠᠭᠠᠯ ᠢ | ᠲᠡᠭᠦᠯᠳᠡᠷᠵᠢᠭᠦᠯᠦᠨ᠎ᠡ ᠭᠡᠵᠦ ᠳᠤᠷᠠᠳᠪᠠ᠃ | ︽ᠰᠠᠨᠠᠯ︾ ᠳᠤ᠂ ᠠᠵᠢᠯ ᠣᠯᠭᠤᠯᠲᠠ ᠶᠢᠨ ᠵᠢᠯᠤᠭᠤᠳᠬᠤ ᠰᠢᠰᠲ᠋ᠧᠮ ᠢ ᠴᠢᠩᠭᠠᠳᠬᠠᠵᠤ᠂ ᠠᠵᠢᠯ ᠡᠷᠢᠬᠦ | ᠠᠵᠢᠯᠲᠠᠨ ᠡᠯᠰᠡᠬᠦ ᠰᠢᠰᠲ᠋ᠧᠮ ᠢ ᠪᠦᠷᠢᠨᠰᠢᠭᠦᠯᠦᠨ᠂ ᠬᠠᠪᠰᠤᠷᠤᠨ ᠲᠡᠳᠬᠦᠵᠦ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ | ᠬᠢᠨᠠᠨ ᠬᠡᠮᠵᠢᠵᠦ ᠦᠨᠡᠯᠡᠬᠦ ᠰᠢᠰᠲ᠋ᠧᠮ ᠤᠨ ᠰᠢᠨ᠎ᠡ ᠶᠢ ᠡᠭᠦᠳᠦᠨ᠎ᠡ᠃ ᠠᠮᠢᠳᠤᠷᠠᠬᠤᠢ ᠶᠢᠨ ᠬᠥᠮᠦᠵᠢᠯ ᠬᠢᠭᠡᠳ ᠠᠵᠢᠯ | ᠣᠯᠭᠤᠯᠲᠠ ᠶᠢᠨ ᠵᠢᠯᠣᠭᠤᠳᠤᠯᠭ᠎ᠠ ᠶᠢ ᠴᠢᠩᠭᠠᠷᠠᠭᠤᠯᠵᠤ᠂ ᠨᠢᠭᠡ ᠪᠦᠯᠦᠭ ᠤᠯᠤᠰ ᠤᠨ ᠲᠥᠯᠦᠪᠵᠢᠭᠦᠯᠭᠡ ᠶᠢᠨ ᠵᠢᠭᠠᠬᠤ | ᠮᠠᠲ᠋ᠧᠷᠢᠶᠠᠯ᠂ ᠵᠢᠱᠢᠶ᠎ᠡ ᠦᠵᠡᠭᠦᠯᠭᠦ ᠬᠢᠴᠢᠶᠡᠯ ᠪᠠ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠪᠤᠶ ᠪᠤᠯᠭᠠᠵᠤ᠂ ᠠᠵᠢᠯ | ᠣᠯᠭᠤᠬᠤ ᠬᠥᠮᠦᠵᠢᠯ ᠢ ᠪᠦᠭᠦ ᠠᠵᠢᠯᠲᠠᠨ ᠠᠵᠢᠯᠴᠢᠨ ᠪᠦᠭᠦ ᠶᠠᠪᠤᠴᠠ ᠪᠦᠭᠦ ᠲᠠᠯ᠎ᠠ ᠪᠠᠷ ᠬᠥᠮᠥᠨ ᠬᠥᠮᠥᠵᠢᠭᠦᠯᠬᠦ ᠶᠢᠨ | ᠴᠢᠬᠤᠯᠠ ᠠᠭᠤᠯᠭ᠎ᠠ ᠪᠤᠯᠭᠠᠵᠤ᠂ ᠠᠵᠢᠯ ᠣᠯᠭᠤᠬᠤ ᠵᠥᠪ ᠦᠵᠡᠯᠲᠡ ᠶᠢ ᠪᠠᠲᠤ ᠪᠠᠬᠢ ᠪᠤᠶ ᠪᠤᠯᠭᠠᠬᠤ ᠶᠢ ᠬᠥᠲᠥᠯᠥᠨ | ᠵᠢᠯᠤᠭᠤᠳᠴᠤ᠂ ᠠᠵᠢᠯ ᠣᠯᠭᠤᠬᠤ ᠳᠠᠳᠤᠯᠭ᠎ᠠ ᠬᠢᠭᠡᠳ ᠳᠠᠳᠤᠯᠭ᠎ᠠ ᠶᠢᠨ ᠳᠦᠷᠢᠮ ᠢ ᠪᠦᠷᠢᠨᠰᠢᠭᠦᠯᠦᠨ᠎ᠡ᠃ ᠰᠤᠷᠭᠠᠭᠤᠯᠢ ᠶᠢᠨ | ᠬᠦᠷᠢᠶᠡᠨ ᠤ ᠠᠵᠢᠯᠲᠠᠨ ᠡᠯᠰᠡᠬᠦ ᠪᠠ ᠠᠵᠢᠯ ᠣᠯᠭᠤᠬᠤ ᠵᠠᠬ᠎ᠠ ᠳᠡᠯᠭᠡᠭᠦᠷ ᠤᠨ ᠦᠢᠯᠡᠴᠢᠯᠡᠭᠡ ᠶᠢ ᠴᠢᠩᠭᠠᠷᠠᠭᠤᠯᠤᠨ᠂ ᠣᠷᠣᠨ | ᠪᠦᠰᠡ ᠶᠢᠨ ᠴᠢᠨᠠᠷᠲᠠᠢ᠂ ᠠᠵᠢᠯ ᠲᠥᠷᠥᠯ ᠤᠨ ᠴᠢᠨᠠᠷᠲᠠᠢ ᠨᠢᠭᠡ ᠪᠦᠯᠦᠭ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ | ᠠᠵᠢᠯ ᠣᠯᠭᠤᠬᠤ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ | ᠵᠡᠷᠭᠡ ᠶᠢᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠲᠠᠯᠪᠢᠵᠤ ᠪᠠᠶᠢᠭ᠎ᠠ ᠬᠡᠷᠡᠭᠴᠡᠭᠡ ᠱᠠᠭᠠᠷᠳᠠᠯᠭ᠎ᠠ ᠶᠢ ᠠᠭᠤᠳᠠᠯᠤᠨ᠂ | ᠠᠵᠢᠯᠲᠠᠨ ᠡᠯᠰᠡᠬᠦ ᠲᠣᠬᠢᠷᠠᠭᠤᠯᠤᠯᠲᠠ ᠪᠣᠯᠣᠨ ᠡᠮᠬᠢ ᠳᠢᠭᠯᠢᠮ ᠢ ᠰᠢᠯᠢᠳᠡᠭᠵᠢᠭᠦᠯᠦᠨ ᠵᠢᠷᠤᠮᠵᠢᠭᠤᠯᠤᠨ᠎ᠠ᠃ ᠤᠯᠠᠨ ᠡᠰᠢᠲᠦ | ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠠᠵᠢᠯ ᠣᠯᠭᠤᠯᠲᠠ ᠶᠢᠨ | ᠠᠷᠭ᠎ᠠ ᠵᠠᠮ ᠢ ᠥᠷᠭᠡᠳᠬᠡᠨ᠂ ᠠᠵᠢᠯ ᠣᠯᠭᠤᠯᠲᠠ ᠶᠢᠨ ᠰᠢᠨ᠎ᠡ ᠨᠡᠮᠡᠭᠳᠡᠯ ᠤᠨ ᠴᠡᠭ ᠢ ᠨᠡᠭᠡᠭᠡᠨ᠎ᠡ᠃ ᠬᠦᠴᠢᠷᠳᠡᠯ ᠢ | ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠵᠦ᠂ ᠬᠠᠪᠰᠤᠷᠤᠨ ᠲᠡᠳᠬᠦᠬᠦ ᠡᠲᠡᠭᠡᠳ ᠲᠤ ᠦᠢᠯᠡᠴᠢᠯᠡᠭᠡ ᠪᠠ | ᠲᠤᠰᠠᠯᠠᠮᠵᠢ ᠬᠠᠩᠭᠠᠵᠤ᠂ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ ᠲᠡᠭᠦᠰᠦᠭᠰᠡᠳ ᠤᠨ ᠦᠨᠡᠨ | ᠨᠡᠷ᠎ᠡ ᠪᠠᠷ ᠢᠶᠠᠨ ᠠᠵᠢᠯ ᠣᠯᠬᠤ ᠶᠢ ᠬᠠᠪᠰᠤᠷᠤᠨ ᠲᠡᠳᠬᠦᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ︽ᠠᠤᠭ᠎ᠠ | ᠵᠣᠷᠢᠭ ᠢᠶᠠᠷ ᠠᠶᠠᠯᠠᠯ ᠢ ᠲᠤᠰᠠᠯᠠᠬᠤ︾ ᠠᠵᠢᠯ ᠣᠯᠭᠤᠬᠤ ᠴᠢᠳᠠᠪᠤᠷᠢ ᠶᠢᠨ ᠪᠣᠯᠪᠠᠰᠤᠷᠠᠯ ᠤᠨ ᠲᠥᠷᠥᠯ ᠵᠦᠢᠯ ᠢ | ᠬᠡᠷᠡᠭᠵᠢᠭᠦᠯᠵᠦ᠂ ᠪᠣᠯᠪᠠᠰᠤᠷᠠᠯ ᠤᠨ ᠬᠠᠮᠤᠷᠬᠤ ᠬᠡᠪᠴᠢᠶ᠎ᠡ ᠶᠢ ᠡᠮᠬᠢ ᠵᠢᠷᠤᠮ ᠲᠠᠢ ᠪᠠᠷ ᠥᠷᠭᠡᠳᠬᠡᠨ᠎ᠡ᠃ ᠠᠵᠢᠯ ᠣᠯᠭᠤᠬᠤ | ᠵᠠᠬ᠎ᠠ ᠳᠡᠯᠭᠡᠭᠦᠷ ᠤᠨ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠪᠠ ᠰᠤᠷᠭᠠᠭᠤᠯᠢ ᠲᠡᠭᠦᠰᠦᠭᠰᠡᠳ ᠤᠨ ᠠᠵᠢᠯ ᠡᠷᠢᠬᠦ | ᠬᠠᠨᠳᠤᠰᠢ ᠵᠡᠷᠭᠡ ᠶᠢ ᠴᠠᠭ ᠲᠤᠬᠠᠢ ᠳᠤᠨᠢ ᠡᠵᠡᠮᠰᠢᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ | ᠶᠠᠰᠤ ᠴᠢᠨᠠᠷ ᠪᠠ ᠠᠵᠢᠯ ᠤᠨ ᠦᠨᠡᠯᠡᠯᠲᠡ ᠬᠢᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠤᠨ᠂ ᠶᠡᠭᠡ ᠳᠡᠭᠡᠳᠦ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠪᠠ ᠰᠢᠨᠵᠢᠯᠡᠭᠡᠨ ᠤ ᠪᠠᠶᠢᠭᠤᠯᠤᠯᠲᠠ ᠶᠢ ᠦᠨᠡᠯᠡᠨ ᠵᠢᠱᠢᠬᠦ᠂ | ︽ᠬᠤᠣᠰ ᠲᠡᠷᠢᠭᠦᠨ ᠵᠡᠷᠭᠡ︾ ᠶᠢᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠬᠦ ᠵᠡᠷᠭᠡ ᠴᠢᠬᠤᠯᠠ ᠬᠦᠴᠦᠨ ᠵᠦᠢᠯ | ᠪᠣᠯᠭᠠᠨ᠎ᠠ ᠭᠡᠵᠦ ᠲᠣᠳᠣᠷᠬᠠᠶᠢᠯᠠᠪᠠ᠃ | ︽ᠰᠠᠨᠠᠯ︾ ᠳᠤ᠂ ᠳᠡᠮᠵᠢᠯᠭᠡ ᠪᠠᠲᠤᠯᠠᠭ᠎ᠠ ᠶᠢᠨ ᠰᠢᠰᠲ᠋ᠧᠮ ᠢ ᠪᠠᠬᠢᠵᠢᠭᠦᠯᠬᠦ ᠬᠡᠷᠡᠭᠲᠡᠢ᠃ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠤᠨ ᠬᠦᠴᠦᠷᠬᠡᠭᠵᠢᠭᠦᠯᠵᠦ | ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ᠂ ᠠᠵᠢᠯᠲᠠᠨ᠂ | ᠭᠠᠵᠠᠷ ᠲᠠᠯᠠᠪᠤᠷ᠂ ᠵᠠᠷᠤᠳᠠᠯ ︽ᠳᠥᠷᠪᠡ ᠶᠢ ᠪᠣᠳᠠᠲᠠᠶᠢᠵᠢᠭᠤᠯᠬᠤ︾ ᠱᠠᠭᠠᠷᠳᠠᠯᠭ᠎ᠠ ᠶᠢ ᠲᠣᠭᠲᠠᠭᠠᠯ ᠶᠣᠰᠣᠭᠠᠷ | ᠨᠠᠶᠢᠳᠠᠪᠤᠷᠢᠵᠢᠭᠤᠯᠵᠤ᠂ ᠲᠤᠰᠬᠠᠶᠢᠵᠢᠭᠰᠠᠨ ᠠᠵᠢᠯ ᠣᠯᠭᠤᠬᠤ ᠵᠢᠯᠤᠭᠤᠳᠬᠤ ᠪᠠᠭᠰᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠢ | ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠰᠤᠳᠤᠯᠭᠠᠨ ᠢ ᠭᠦᠨᠵᠡᠭᠡᠶᠢᠷᠡᠭᠦᠯᠬᠦ ᠬᠡᠷᠡᠭᠲᠡᠢ᠃ | ᠲᠣᠭᠠᠴᠢᠯᠠᠭᠰᠠᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠳᠡᠯᠭᠡᠷᠡᠭᠦᠯᠵᠦ᠂ ᠤᠯᠤᠰ ᠤᠨ | ᠣᠶᠤᠲᠠᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ ᠬᠦᠴᠦᠷᠬᠡᠭᠵᠢᠭᠦᠯᠬᠦ ᠬᠡᠷᠡᠭᠲᠡᠢ᠃ | ᠡᠷᠬᠡ ᠲᠡᠭᠰᠢ ᠠᠵᠢᠯ ᠣᠯᠭᠤᠯᠲᠠ ᠶᠢᠨ ᠣᠷᠴᠢᠨ ᠨᠥᠬᠦᠴᠡᠯ ᠪᠠ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ | ᠬᠡᠷᠡᠭᠲᠡᠢ᠃ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠷᠠᠭᠤᠯᠵᠤ᠂ ᠠᠵᠢᠯ ᠤᠨ ᠬᠠᠮᠲᠤᠷᠠᠯ ᠬᠦᠴᠦᠨ ᠢ ᠨᠡᠮᠡᠭᠳᠡᠭᠦᠯᠬᠦ | ᠬᠡᠷᠡᠭᠲᠡᠢ ᠭᠡᠵᠦ ᠱᠠᠭᠠᠷᠳᠠᠪᠠ᠃ | |