| ● ᠰᠤᠷᠪᠤᠯᠵᠢᠯᠠᠭᠴᠢ ᠯᠢᠶᠠᠨ ᠪᠤᠥ | ᠵᠢᠯ ᠤᠨ ᠠᠵᠢᠯ ᠬᠠᠪᠤᠷ ᠲᠠᠭᠠᠨ ᠭᠡᠳᠡᠭᠴᠢᠯᠡᠨ ᠬᠠᠪᠤᠷ ᠤᠨ ᠲᠦᠯ ᠲᠤᠰᠬᠤ ᠪᠤᠯ ᠮᠠᠯ ᠠᠵᠦ ᠠᠬᠤᠢ ᠶᠢᠨ | ᠤᠶᠢᠯᠡᠳᠪᠦᠷᠢᠯᠡᠯ ᠤᠨ ᠵᠠᠩᠬᠢᠯᠠᠭ᠎ᠠ ᠶᠢᠨ ᠬᠤᠭᠤᠴᠠᠭ᠎ᠠ ᠪᠤᠯᠬᠤ ᠮᠦᠷᠲᠡᠭᠡᠨ ᠮᠠᠯᠴᠢᠳ ᠤᠨ ᠨᠢᠭᠡ ᠵᠢᠯ ᠳᠡᠭᠡᠨ | ᠬᠠᠮᠤᠭ ᠤᠨ ᠶᠠᠭᠠᠷᠠᠤ ᠴᠠᠬ ᠬᠤᠭᠤᠴᠠᠭ᠎ᠠ ᠪᠤᠯᠦᠨ᠎ᠠ᠃ ᠤᠶᠢᠷ᠎ᠠ ᠶᠢᠨ ᠡᠳᠦᠷ᠂ ᠰᠤᠷᠪᠤᠯᠵᠢᠯᠠᠬᠴᠢ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠤᠬᠤᠮ ᠰᠤᠮᠤ ᠶᠢᠨ ᠤᠰᠤᠨ ᠡᠬᠢ ᠭᠠᠴᠠᠭᠠᠨ ᠤ ᠮᠠᠯᠴᠢᠨ | ᠲᠤᠬᠳᠠᠬᠤ ᠶᠢᠨ ᠬᠢᠨ ᠳᠤ ᠬᠦᠷᠬᠦ ᠳᠤ᠂ ᠳᠠᠳᠠᠨ ᠤ ᠬᠢᠨ ᠬᠠᠰᠢᠶ᠎ᠠ ᠰᠠᠷᠠᠪᠴᠢ ᠪᠠᠨ ᠴᠡᠪᠡᠷᠯᠡᠵᠦ᠂ ᠬᠠᠪᠤᠷ ᠤᠨ | ᠤᠯᠠᠷᠢᠯ ᠤᠨ ᠲᠥᠯ ᠲᠤᠰᠬᠤ ᠠᠵᠢᠯ ᠳᠠᠭᠠᠨ ᠶᠠᠭᠠᠷᠠᠯᠳᠤᠵᠦ ᠪᠠᠶᠢᠬᠤ ᠲᠠᠢ ᠳᠠᠭᠠᠷᠠᠯᠳᠤᠵᠦ᠂ ᠲᠦᠯ ᠮᠠᠯ ᠤᠨ ᠳᠠᠭᠤᠨ | ᠠᠮᠢᠯᠠᠯ ᠤᠨ ᠪᠡᠯᠭᠡᠲᠦ ᠬᠠᠪᠤᠷ ᠰᠠᠭᠠᠳᠠᠬᠰᠠᠨ ᠢ ᠮᠡᠳᠡᠭᠡᠯᠡᠨᠠ᠃ | ︽ᠲᠦᠯ ᠲᠤᠰᠴᠦ ᠪᠤᠶᠢᠵᠢᠭᠤᠯᠬᠤ ᠠᠵᠢᠯ ᠢ ᠰᠠᠶᠢᠳᠦᠷ ᠬᠢᠬᠦ ᠶᠢᠨ ᠲᠦᠯᠦᠭᠡ ᠮᠠᠨ ᠤ ᠬᠢᠨ ᠠᠯᠢ | ᠡᠷᠳᠡᠨ ᠠᠴᠠ ᠡ᠊ᠨᠡ ᠲᠠᠷᠡ ᠠᠵᠢᠯ ᠢᠶᠠᠨ ᠪᠦᠷᠢᠨ ᠭᠦᠢᠴᠡᠳ ᠪᠡᠯᠡᠳᠭᠡᠵᠦ᠂ ᠲᠦᠯ ᠲᠤᠰᠬᠤ ᠠᠵᠢᠯ ᠢᠶᠠᠨ ᠪᠡᠯᠡᠭᠡᠨ | ᠪᠤᠯᠭᠠᠬᠰᠠᠨ ᠪᠠᠶᠢᠨ᠎ᠠ᠂ ᠤᠳᠤ ᠪᠤᠯᠳᠠᠯ᠎ᠠ ᠨᠢᠭᠡᠨᠳᠠ 400 ᠭᠠᠷᠤᠢ ᠬᠤᠷᠠᠭ᠎ᠠ ᠲᠤᠰᠤᠭᠠᠳ ᠪᠤᠢ᠂ ᠪᠠᠰᠠ 200 | ᠭᠠᠷᠦᠢ ᠲᠤᠰᠬᠤ ᠪᠤᠯᠦᠨ᠎ᠠ᠃ ᠦᠡᠭᠭᠡᠷᠡᠭᠰᠡᠨ ᠵᠢᠯ ᠲᠠᠢ ᠬᠠᠷᠢᠴᠠᠭᠤᠯᠪᠠᠯ ᠡ᠊ᠨᠡ ᠵᠢᠯ ᠤᠯᠠᠩᠬᠢ ᠬᠤᠨᠢ ᠢᠬᠢᠷ᠎ᠡ | ᠬᠤᠷᠠᠭ᠎ᠠ ᠲᠦᠯᠯᠡᠵᠦ ᠪᠠᠶᠢᠬᠤ ᠪᠤᠯᠬᠤᠷ ᠨᠢᠲᠦᠨᠦᠨ ᠠᠴᠠ ᠬᠤᠯᠠ ᠢᠯᠡᠭᠦᠦ ᠲᠦᠯ ᠤᠯᠬᠤ ᠪᠤᠯᠦᠨ᠎ᠠ︾ ᠭᠡᠵᠦ | ᠲᠤᠬᠳᠠᠬᠤ ᠪᠠᠶᠠᠷᠯᠠᠬᠰᠠᠨ ᠰᠡᠳᠬᠢᠯᠭᠡ ᠪᠠᠨ ᠲᠠᠷᠦᠵᠦ ᠶᠠᠳᠠᠨ ᠲᠠᠨᠢᠯᠴᠠᠭᠤᠯᠵᠦ ᠪᠠᠶᠢᠯ᠎ᠠ᠃ | ᠤᠶᠢᠷ᠎ᠠ ᠶᠢᠨ ᠵᠢᠯ ᠠᠴᠠ ᠨᠠᠭᠠᠰᠢ᠂ ᠲᠤᠬᠳᠠᠬᠤ ᠶᠢᠨ ᠬᠢᠨ ᠤᠷᠤᠨ ᠨᠤᠲᠤᠭ ᠤᠨ ᠤᠨᠴᠠᠯᠢᠭ ᠲᠤ ᠰᠠᠭᠤᠷᠢᠯᠡᠨ | ᠤᠶᠢᠯᠡᠳᠪᠦᠷᠢᠯᠡᠯ ᠡᠵᠡᠩᠨᠡᠯᠲᠠ ᠶᠢᠨ ᠠᠷᠭ᠎ᠠ ᠪᠠᠨ ᠰᠢᠨᠡᠳᠭᠡᠨ᠂ ᠮᠠᠯ ᠤᠨ ᠡᠭᠦᠯᠳᠡᠷ ᠢᠶᠠᠨ ᠰᠢᠯᠢᠳᠡᠭᠵᠢᠭᠦᠯᠵᠤ᠂ ᠡᠪᠡᠰᠦ | ᠪᠤᠷᠳᠤᠭ᠎ᠠ ᠪᠠᠨ ᠨᠠᠷᠢᠨ ᠲᠦᠯᠦᠪᠯᠡᠬᠦ ᠠᠴᠠ ᠠᠷᠠᠴᠢᠯᠡᠵᠦ ᠲᠤᠳᠤᠮᠳᠠᠬᠤ᠂ ᠤᠶᠢᠯᠡᠳᠪᠦᠷᠢᠯᠡᠵᠦ ᠡᠵᠡᠩᠨᠡᠯᠳᠡ ᠶᠢᠨ ᠰᠢᠨ᠎ᠠ | ᠵᠠᠬᠪᠦᠷ᠂ ᠰᠢᠨ᠎ᠠ ᠠᠷᠭ᠎ᠠ᠂ ᠰᠢᠨ᠎ᠠ ᠬᠡᠯᠪᠡᠷᠢ ᠶᠢ ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨᠴᠢ ᠪᠠᠷ ᠮᠠᠯ | ᠮᠠᠯᠵᠢᠵᠦ᠂ ᠬᠦᠷᠰᠢ ᠵᠡᠷᠭᠡᠯᠡᠳᠡᠭᠡ ᠶᠢᠨ ᠮᠠᠯᠴᠢᠨ ᠠᠶᠢᠯ ᠤᠨ ᠲᠤᠮᠳᠠ ᠪᠠᠨ ᠬᠡᠪ ᠳᠠᠭᠤᠷᠢᠶᠠᠯ ᠦᠵᠡᠭᠦᠯᠵᠦ ᠬᠠᠮᠲᠦᠪᠡᠷ | ᠪᠠᠶᠠᠵᠢᠯ ᠤᠨ ᠵᠠᠮ ᠢᠶᠠᠷ ᠵᠠᠮᠨᠠᠵᠦ᠂ ᠠᠰᠢᠬ ᠤᠷᠤᠯᠭ᠎ᠠ ᠪᠠᠨ ᠨᠡᠮᠡᠭᠳᠡᠭᠦᠯᠵᠦ ᠢᠷᠡᠭᠰᠡᠨ ᠪᠠᠶᠢᠨ᠎ᠠ᠃ | ᠲᠤᠬᠤᠮ ᠰᠤᠮᠤ ᠳᠤ᠂ ᠲᠤᠬᠳᠠᠬᠤ ᠶᠢᠨ ᠬᠢᠨ ᠰᠢᠭ ᠰᠢᠨᠵᠢᠯᠡᠬᠦ ᠤᠬᠠᠭᠠᠨᠴᠢ ᠪᠠᠷ ᠮᠠᠯ ᠮᠠᠯᠵᠢᠵᠦ᠂ ᠲᠦᠯ | ᠲᠤᠰᠴᠦ ᠪᠤᠶᠢᠵᠢᠭᠤᠯᠵᠦ ᠪᠠᠶᠢᠭ᠎ᠠ ᠡᠷᠦᠭᠡ ᠴᠦᠬᠡᠨ ᠪᠤᠰᠤ ᠪᠠᠶᠢᠳᠠᠬ᠃ 2 ᠰᠠᠷ᠎ᠠ ᠠᠴᠠ ᠨᠠᠭᠠᠰᠢ᠂ ᠲᠤᠬᠤᠮ | ᠰᠤᠮᠤ ᠶᠢᠨ ᠮᠠᠯ ᠠᠵᠦ ᠠᠬᠤᠢ ᠶᠢᠨ ᠠᠵᠢᠯᠳᠠᠨ᠂ ᠮᠠᠯ ᠡᠮᠨᠡᠯᠭᠡ ᠶᠢᠨ ᠮᠡᠷᠭᠡᠵᠢᠯᠳᠡᠨ ᠢᠶᠠᠷ ᠪᠦᠷᠢᠯᠳᠦᠭᠰᠡᠨ ᠤᠬᠠᠭᠤᠯᠦᠨ | ᠲᠠᠶᠢᠯᠪᠦᠷᠢᠯᠠᠬᠤ ᠡᠩᠨᠡᠭᠡ ᠡᠯ᠎ᠠ ᠭᠠᠴᠠᠭ᠎ᠠ ᠪᠠᠷ ᠶᠠᠪᠤᠵᠦ᠂ ᠡᠷᠦᠭᠡ ᠳᠠᠷᠠᠭᠠᠯᠠᠨ ᠮᠠᠯᠴᠢᠳ ᠤᠨ ᠭᠡᠷ ᠲᠤ ᠤᠷᠤᠵᠦ᠂ | ᠲᠦᠯ ᠲᠤᠰᠴᠦ ᠪᠤᠶᠢᠵᠢᠭᠤᠯᠬᠤ ᠤᠨᠤᠯ ᠤᠨ ᠮᠡᠳᠡᠯᠭᠡ ᠶᠢ ᠤᠬᠠᠭᠤᠯᠦᠨ ᠲᠠᠶᠢᠯᠪᠦᠷᠢᠯᠡᠵᠦ ᠪᠠᠶᠢᠬᠤ ᠮᠦᠷᠲᠡᠭᠡᠨ ᠪᠠᠰᠠ | ᠮᠠᠯᠴᠢᠳ ᠲᠤ ᠲᠦᠯ ᠲᠤᠰᠬᠤ ᠠᠴᠠ ᠡᠮᠤᠨᠡᠬᠢ ᠪᠡᠯᠡᠳᠭᠡᠯ ᠠᠵᠢᠯ ᠢ ᠬᠡᠷᠬᠢᠨ ᠰᠠᠶᠢᠳᠦᠷ ᠬᠢᠬᠦ ᠲᠤᠬᠠᠢ ᠵᠢᠭᠠᠨ ᠦᠭᠴᠦ | ᠰᠢᠨᠵᠢᠯᠡᠬᠦ ᠤᠬᠠᠭᠠᠨᠴᠢ ᠪᠠᠷ ᠲᠡᠵᠢᠭᠡᠯ ᠪᠤᠷᠳᠤᠭ᠎ᠠ ᠦᠭᠬᠦ ᠶᠢ ᠤᠶᠢᠯᠠᠭᠠᠭᠤᠯᠤᠬᠰᠠᠨ ᠪᠠᠶᠢᠨ᠎ᠠ᠃ | ᠬᠠᠪᠤᠷ ᠤᠨ ᠤᠯᠠᠷᠢᠯ ᠪᠣᠯ ᠮᠠᠯᠴᠢᠳ ᠤᠨ ᠲᠥᠯ ᠲᠤᠰᠴᠤ ᠪᠤᠶᠢᠵᠢᠭᠤᠯᠬᠤ ᠠᠵᠢᠯ ᠤᠨ ᠵᠠᠩᠭᠢᠯᠠᠭ᠎ᠠ ᠶᠢᠨ ᠴᠠᠭ | ᠬᠤᠭᠤᠴᠠᠭ᠎ᠠ ᠪᠠᠶᠢᠵᠦ᠂ ᠨᠢᠭᠡ ᠵᠢᠯ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ | ᠲᠣᠭᠲᠠᠭᠠᠵᠤ ᠪᠠᠶᠢᠳᠠᠭ᠃ ᠲᠡᠳᠡᠨ ᠤ ᠬᠢᠨ ᠡᠷᠲᠡ ᠲᠤᠬᠢᠷᠠᠭᠤᠯᠵᠤ᠂ ᠡᠷᠲᠡ ᠪᠠᠶᠢᠷᠢᠯᠠᠭᠤᠯᠵᠤ᠂ ᠡᠷᠲᠡ | ᠬᠥᠳᠡᠯᠦᠯᠴᠡᠵᠦ᠂ ᠲᠥᠯ ᠲᠤᠰᠴᠤ ᠪᠤᠶᠢᠵᠢᠭᠤᠯᠬᠤ ᠪᠠᠷ ᠭᠤᠣᠯᠳᠠᠯᠭ᠎ᠠ ᠪᠣᠯᠭᠠᠭᠰᠠᠨ ᠬᠠᠪᠤᠷ ᠤᠨ ᠤᠯᠠᠷᠢᠯ ᠤᠨ ᠮᠠᠯ | ᠠᠵᠤ ᠠᠬᠤᠢ ᠶᠢᠨ ᠦᠢᠯᠡᠳᠪᠦᠷᠢᠯᠡᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠡᠪᠡᠰᠦ ᠪᠣᠷᠳᠤᠭ᠎ᠠ | ᠬᠠᠩᠭᠠᠬᠤ ᠶᠢ ᠪᠠᠲᠤᠯᠠᠬᠤ᠂ ᠬᠢᠵᠢᠭ ᠡᠪᠡᠳᠴᠢᠨ ᠢ ᠰᠡᠷᠬᠡᠶᠢᠯᠡᠬᠦ ᠵᠡᠷᠬᠡ ᠠᠵᠢᠯ ᠤᠳ ᠢ ᠤᠷᠢᠳᠴᠢᠯᠠᠨ ᠰᠠᠶᠢᠳᠦᠷ ᠬᠢᠵᠤ | ᠂ ᠲᠥᠯ ᠲᠤᠰᠴᠤ ᠪᠤᠶᠢᠵᠢᠭᠤᠯᠬᠤ ᠠᠵᠢᠯ ᠤᠨ ᠤᠷᠤᠭᠰᠢᠲᠠᠶ ᠶᠠᠪᠤᠬᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ | ᠴᠢᠳᠠᠬᠰᠠᠨ ᠪᠠᠶᠢᠨ᠎ᠠ᠃ | ᠤᠶᠢᠯᠠᠭᠠᠬᠰᠠᠨ ᠢᠶᠠᠷ᠂ ᠲᠤᠬᠤᠮ ᠰᠤᠮᠤ ᠪᠠᠷᠢᠮᠵᠢᠶᠠᠵᠢᠭᠤᠯᠬᠤ᠂ ᠬᠡᠪᠴᠢᠶᠡᠵᠢᠬᠦᠯᠬᠦ᠂ ᠨᠠᠷᠢᠯᠢᠬᠵᠢᠭᠤᠯᠦᠨ | ᠲᠡᠵᠢᠭᠡᠨ ᠦᠷᠡᠵᠢᠬᠦᠯᠬᠦ ᠶᠢ ᠶᠡᠬᠡᠪᠡᠷ ᠠᠬᠢᠭᠤᠯᠵᠦ᠂ ᠮᠠᠯ ᠠᠵᠦ ᠠᠬᠤᠢ ᠶᠢᠨ ᠬᠡᠯᠪᠡᠷᠢ ᠪᠠᠨ ᠬᠤᠪᠢᠷᠠᠭᠤᠯᠦᠨ ᠳᠡᠰ | ᠲᠡᠪᠰᠢᠬᠦ ᠶᠢ ᠲᠦᠯᠬᠢᠨ ᠠᠬᠢᠭᠤᠯᠵᠦ᠂ ᠪᠦᠬᠦ ᠰᠤᠮᠤᠨ ᠤ ᠬᠤᠨᠢ 16 ᠲᠦᠮᠡ ᠪᠠᠶᠢᠵᠦ᠂ ᠡᠭᠦᠨ ᠳᠤ ᠡᠭᠡ ᠬᠤᠨᠢ 15 | ᠲᠦᠮᠡ ᠪᠠᠶᠢᠵᠦ᠂ ᠵᠢᠱᠢᠯᠲᠠ ᠪᠠᠷ ᠡ᠊ᠨᠡ ᠵᠢᠯ 12 ᠲᠦᠮᠡᠨ ᠲᠦᠯ ᠲᠤᠰᠴᠦ᠂ ᠡᠳᠡᠭᠡᠷᠡᠯᠲᠠ ᠶᠢᠨ ᠨᠤᠷᠮ᠎ᠠ ᠶᠢ | 98% ᠠᠴᠠ ᠳᠡᠭᠡᠭᠰᠢ ᠬᠦᠷᠭᠡᠬᠦ ᠪᠤᠯᠦᠨ᠎ᠠ᠃ | |