ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2025/4/15
      4 ᠰᠠᠷ᠎ᠠ ᠶᠢᠨ 9 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠤᠷᠠᠯ ᠬᠤᠷᠠᠯᠳᠤᠪᠠ᠃ ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠰᠦᠨ ᠱᠤ᠋ ᠲᠤᠤ᠂ ᠨᠡᠶᠢᠭᠡᠮ ᠤᠨ ᠠᠵᠢᠯ ᠪᠣᠯ ᠨᠠᠮ ᠤᠨ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠪᠦᠬᠦ ᠬᠤᠰᠢᠭᠤ ᠪᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠂ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠤᠨ ᠪᠠᠶᠢᠷᠢ ᠰᠠᠭᠤᠷᠢ ᠦᠢᠯᠡᠳᠦᠯ ᠪᠣᠯᠤᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠤᠢᠢᠯᠠᠭᠠᠨ ᠣᠨᠣᠪᠴᠢᠲᠠᠢ ᠡᠵᠡᠮᠳᠡᠵᠦ᠂ ︽ᠬᠤᠶᠠᠷ ᠢ ᠲᠣᠭᠲᠠᠭᠠᠭᠰᠠᠨ︾ ᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ᠂ ᠵᠣᠷᠢᠭ ᠰᠠᠨᠠᠭ᠎ᠠ᠂ ᠠᠵᠢᠯᠯᠠᠭ᠎ᠠ ᠪᠠᠨ ᠨᠢᠭᠡᠳᠬᠡᠵᠦ᠂ ᠨᠡᠶᠢᠭᠡᠮ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠨ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠲᠤᠬᠠᠶ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃    ᠰᠦᠨ ᠱᠤ᠋ ᠲᠤᠤ᠂ ᠵᠠᠩᠭᠢᠯᠠᠭ᠎ᠠ ᠶᠢᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠨ᠂ ᠨᠡᠶᠢᠭᠡᠮ ᠤᠨ ᠠᠵᠢᠯ ᠤᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ︽ᠵᠦᠢ ᠵᠣᠬᠢᠰᠲᠠᠢ ᠪᠠᠶᠢᠭᠤᠯᠬᠤ︾᠂ ︽ᠲᠦᠷᠦᠯ ᠬᠤᠪᠢᠶᠠᠨ ᠬᠠᠮᠢᠶᠠᠷᠬᠤ︾᠂ ︽ᠬᠦᠴᠦᠨ ᠢᠶᠠᠨ ᠲᠥᠪᠯᠡᠷᠡᠭᠦᠯᠦᠨ ᠠᠬᠢᠭᠤᠯᠬᠤ︾ ᠶᠢ ᠪᠡᠶᠡᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠦᠨᠳᠦᠰᠦᠨ ᠱᠠᠲᠤᠨ ᠤ ᠳᠠᠶᠢᠴᠢᠨ ᠪᠠᠬᠢᠯᠡᠯᠲᠡ ᠶᠢᠨ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠵᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠱᠦᠵᠢ ᠶᠢᠨ ︽ᠲᠦᠷᠦᠭᠦᠴᠢ ᠭᠠᠯᠠᠭᠤ︾ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠲᠣᠪᠤᠶᠢᠮ᠎ᠠ ᠠᠰᠠᠭᠤᠳᠠᠯ ᠢ ᠰᠢᠢᠳᠪᠤᠷᠢᠯᠡᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠤᠯᠠᠨ ᠲᠦᠮᠡᠨ ᠳᠤ ᠦᠢᠯᠡᠴᠢᠯᠡᠵᠤ᠂ ︽ᠨᠠᠮ ᠤᠨ ᠠᠴᠢ  ᠳᠤ ᠳᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨᠴᠢ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠷᠠᠳ ᠲᠦᠮᠡᠨ ᠤ ᠰᠠᠨᠠᠭᠤᠯᠭ᠎ᠠ ᠶᠢ ᠴᠤᠭᠯᠠᠭᠤᠯᠬᠤ ᠠᠵᠢᠯ ᠢ ᠰᠠᠶᠢᠲᠤᠷ ᠥᠷᠨᠢᠭᠦᠯᠤᠨ᠂ ᠨᠡᠶᠢᠭᠡᠮ ᠤᠨ ᠠᠵᠢᠯᠲᠠᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠠᠮᠤᠷ ᠲᠦᠪᠰᠢᠨ ᠲᠣᠭᠲᠠᠭᠤᠨ ᠢ ᠬᠠᠮᠠᠭᠠᠯᠠᠵᠤ᠂ ᠵᠠᠬᠢᠳᠠᠯ ᠰᠤᠷᠪᠤᠯᠵᠢᠯᠠᠯ ᠤᠨ ᠣᠷᠣᠯᠠᠨ  ᠭᠦᠢᠴᠡᠳᠭᠡᠬᠦ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠤᠨ᠂ ᠬᠤᠰᠢᠭᠤ ᠰᠤᠮᠤ ᠰᠢᠶᠠᠩ ᠪᠠᠯᠭᠠᠰᠤ ᠬᠤᠶᠠᠷ ᠱᠠᠲᠤᠨ ᠤ ᠶᠡᠷᠦᠩᠬᠡᠶᠢᠯᠡᠨ ᠵᠠᠰᠠᠬᠤ ᠲᠥᠪ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠶᠡᠭᠡ ᠪᠠᠷ ᠵᠢᠭᠰᠠᠭᠠᠨ ᠪᠠᠶᠢᠴᠠᠭᠠᠬᠤ᠂ ᠶᠡᠭᠡ ᠪᠠᠷ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠬᠡᠷᠡᠭᠲᠡᠶ᠃ ᠨᠡᠶᠢᠭᠡᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠪᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠶ ᠭᠡᠵᠦ ᠱᠠᠭᠠᠷᠳᠠᠪᠠ᠃    ᠰᠦᠨ ᠱᠤ᠋ ᠲᠤᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠥᠬᠦ ᠬᠤᠰᠢᠭᠤᠨ ᠤ ᠨᠡᠶᠢᠭᠡᠮ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠡᠶᠢᠭᠡᠮ ᠤᠨ ᠠᠵᠢᠯ ᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠦᠨᠡᠨ ᠬᠦ ᠣᠷᠣᠭᠤᠯᠵᠤ᠂ ᠡᠯ᠎ᠡ ᠪᠦᠷᠢᠯᠳᠦᠬᠦᠨ ᠨᠢᠭᠡᠴᠢ ᠶᠢᠨ ᠬᠢᠨ ᠡᠬᠢ ᠪᠠᠶᠠᠯᠢᠭ ᠤᠨ ᠬᠦᠴᠦᠨ ᠢ ᠪᠦᠲᠦᠮᠵᠢᠲᠡᠢ ᠨᠡᠶᠢᠳᠬᠡᠬᠦ ᠶᠢ ᠠᠬᠢᠭᠤᠯᠬᠤ ᠬᠡᠷᠡᠭᠲᠡᠢ᠃ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠨᠡᠶᠢᠭᠡᠮ ᠤᠨ ᠠᠵᠢᠯ ᠤᠨ ᠬᠤᠪᠢᠷᠠᠯᠲᠠ ᠶᠢᠨ ᠬᠠᠨᠳᠤᠰᠢ ᠶᠢ ᠣᠨᠣᠪᠴᠢᠲᠠᠶ ᠡᠵᠡᠮᠳᠡᠨ᠂ ᠦᠨᠳᠦᠰᠦᠨ ᠱᠠᠲᠤᠨ ᠤ ᠵᠣᠷᠢᠭᠲᠠᠶ ᠪᠠᠷ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠤᠷᠤᠨ᠂ ᠠᠶᠢᠮᠠᠭ ᠤᠨ ᠳᠣᠲᠣᠨ᠎ᠠ ᠭᠠᠳᠠᠨᠠᠬᠢ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠤᠰᠢᠭᠤᠨ ᠤ ᠳᠣᠲᠣᠷᠠᠬᠢ ᠰᠠᠶᠢᠨ ᠲᠤᠷᠰᠢᠯᠭ᠎ᠠ ᠠᠷᠭ᠎ᠠ ᠬᠢᠳᠡᠯ ᠢ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠬᠦ ᠬᠡᠷᠡᠭᠲᠡᠶ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ ᠪᠠᠨ ᠴᠢᠩᠭᠠᠳᠬᠠᠨ᠂ ᠭᠤᠣᠯᠳᠠᠯᠭ᠎ᠠ ᠲᠠᠢ ᠠᠰᠠᠭᠤᠳᠠᠯ ᠤᠨ ᠲᠤᠬᠠᠶ ᠰᠤᠳᠤᠯᠤᠯᠲᠠ ᠪᠠᠨ ᠴᠢᠩᠭᠠᠳᠬᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ᠨᠡᠶᠢᠭᠡᠮ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠪᠦᠬᠦ ᠤᠯᠤᠰ ᠤᠨ ᠨᠡᠶᠢᠭᠡᠮ ᠤᠨ ᠠᠵᠢᠯ ᠤᠨ ᠬᠡᠯᠳᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ᠂ ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠵᠢᠴᠢ ᠨᠡᠶᠢᠭᠡᠮ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠪᠥᠬᠦ ᠣᠷᠣᠨ ᠤ ᠨᠡᠶᠢᠭᠡᠮ ᠤᠨ ᠠᠵᠢᠯ ᠤᠨ ᠬᠡᠯᠳᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠪᠤᠷᠭᠠᠰᠤᠳᠠᠢ ᠰᠢᠶᠠᠩ᠂ ᠮᠠᠨᠵᠦᠲ᠋ᠦ᠋ᠨ ᠤ ᠮᠠᠨᠵᠤ ᠦᠨᠳᠦᠰᠦᠲᠡᠨ ᠤ ᠰᠢᠶᠠᠩ᠂ ᠬᠤᠰᠢᠭᠤᠨ ᠤ ᠠᠵᠤ ᠦᠢᠯᠡᠰ ᠤᠨ ᠬᠠᠮᠢᠶᠠᠷᠤᠯᠲᠠ ᠶᠢᠨ ᠠᠯᠪᠠᠨ ᠭᠡᠷ᠂ ᠨᠠᠮ ᠤᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ ᠵᠢᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠦᠮᠦᠰ ᠰᠠᠨᠠᠯ ᠢᠶᠠᠨ ᠰᠣᠯᠢᠯᠴᠠᠪᠡ᠃    ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠦᠷᠤ ᠬᠠᠤᠯᠢ ᠴᠠᠭᠠᠵᠠ ᠶᠢᠨ ᠬᠤᠷᠢᠶᠠᠨ ᠤ ᠱᠦᠵᠢ ᠨᠢᠤ ᠶᠤᠸᠠᠨ ᠬᠤᠷᠠᠯ ᠢ ᠡᠷᠭᠢᠯᠠᠵᠠᠢ᠃ ᠬᠤᠰᠢᠭᠤᠨ ᠤ ᠤᠳᠤᠷᠢᠳᠤᠯᠭ᠎ᠠ ᠸᠠᠩ ᠮᠧᠩ᠂ ᠯᠢᠦ ᠢᠦᠶ ᠪᠥᠸᠧ᠂ ᠵᠢᠶᠠᠩ ᠪᠧᠢ ᠫᠢᠩ ᠬᠤᠷᠠᠯ ᠳᠤ ᠣᠷᠣᠯᠴᠠᠵᠠᠶ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号