| 4 ᠰᠠᠷ᠎ᠠ ᠶᠢᠨ 11 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠵᠥᠪᠯᠡᠯ ᠤᠨ | 2025 ᠣᠨ ᠤ ᠬᠤᠶᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ᠂ ᠬᠤᠰᠢᠭᠤᠨ ᠤ ᠵᠠᠰᠠᠭ ᠤᠨ ᠣᠷᠳᠣᠨ ᠤ | ᠬᠠᠮᠢᠶ᠎ᠠ ᠪᠥᠬᠦᠶ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠵᠢᠴᠢ ᠬᠡᠰᠡᠭ ᠰᠤᠮᠤ | ᠰᠢᠶᠠᠩ ᠪᠠᠯᠭᠠᠰᠤᠨ ᠤ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃ | ᠬᠤᠷᠠᠯ ᠠᠴᠠ ᠬᠢᠩᠭᠠᠨ ᠠᠶᠢᠮᠠᠭ ᠤᠨ ᠬᠤᠸᠠ ᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠶᠠᠭᠳᠠᠮᠠᠯ | ᠯᠢᠲ᠋ᠢ ᠶᠢᠨ ᠭᠡᠷᠡᠯᠴᠢ ᠴᠡᠨᠡᠭ ᠤᠨ ᠬᠠᠪᠲᠠᠰᠤ ᠶᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ᠂ ᠥᠪᠥᠷ ᠮᠣᠩᠭᠤᠯ ᠤᠨ | ᠰᠠᠢ ᠪᠸᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠦᠷᠦᠯ ᠵᠦᠢᠯ ᠤᠨ | ᠭᠠᠵᠠᠷ ᠰᠣᠩᠭᠤᠬᠤ ᠵᠢᠴᠢ ᠲᠥᠰᠦᠯ ᠪᠣᠯᠤᠨ ᠵᠠᠰᠠᠭᠳᠤ ᠵᠡᠭᠡᠯᠢ ᠶᠢᠨ ᠨᠣᠭᠤᠭᠠᠷᠠᠭᠤᠯᠤᠯᠲᠠ ᠶᠢᠨ ᠥᠭᠡᠷᠡᠴᠢᠯᠡᠯᠲᠡ ᠶᠢᠨ | ᠲᠦᠷᠦᠯ ᠵᠦᠢᠯ ᠤᠨ ᠲᠥᠰᠦᠯ ᠢ ᠰᠤᠳᠤᠯᠤᠨ ᠬᠢᠨᠠᠨ ᠵᠥᠪᠯᠡᠵᠡᠢ᠃ | ᠬᠤᠷᠠᠯ ᠠᠴᠠ᠂ ᠲᠦᠷᠦᠯ ᠵᠦᠢᠯ ᠤᠨ ᠲᠥᠯᠥᠪᠵᠢᠭᠦᠯᠭᠡ ᠵᠢᠷᠤᠭ ᠲᠥᠯᠥᠪᠯᠡᠭᠡ ᠬᠢᠬᠦ ᠳᠡᠭᠡᠨ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠤᠳᠠ ᠶᠢᠨ ᠢᠷᠡᠭᠡᠳᠦᠢ ᠶᠢᠨ | ᠬᠥᠭᠵᠢᠯᠲᠡ ᠶᠢᠨ ᠴᠢᠭᠯᠡᠯ ᠪᠣᠯᠤᠨ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠭᠦᠢᠴᠡᠳ ᠪᠣᠳᠣᠯᠬᠢᠯᠠᠬᠤ | ᠬᠡᠷᠡᠭᠲᠡᠢ᠃ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠪᠠᠷ ᠬᠥᠭᠵᠢᠭᠦᠯᠬᠦ︾ | ᠤᠢᠢᠯᠠᠭᠠᠭᠳᠠᠬᠤᠨ ᠢ ᠪᠠᠷᠢᠮᠲᠠᠯᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ | ᠠᠵᠤ ᠦᠢᠯᠡᠰ ᠤᠨ ᠪᠠᠶᠢᠷᠢᠰᠢᠭᠤᠯᠤᠯᠲᠠ ᠪᠣᠯᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠢᠮᠠᠭᠲᠠ | ᠪᠠᠷᠢᠮᠲᠠᠯᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠤᠯᠤᠰ ᠤᠨ ᠨᠤᠲᠤᠭ ᠳᠡᠪᠢᠰᠬᠡᠷ ᠤᠨ ᠣᠷᠣᠨ | ᠵᠠᠶ ᠶᠢᠨ ᠶᠡᠷᠦᠩᠬᠡᠶ ᠲᠥᠯᠥᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠭᠦᠯᠬᠦ ᠶᠢ ᠦᠨᠡᠨ ᠬᠦ ᠪᠠᠳᠤᠯᠠᠬᠤ ᠬᠡᠷᠡᠭᠳᠡᠢ᠃ | ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠬᠠᠮᠵᠢᠯᠴᠠᠭ᠎ᠠ ᠪᠠᠨ | ᠴᠢᠩᠭᠠᠳᠬᠠᠨ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠲᠦᠷᠦᠯ ᠵᠦᠢᠯ ᠢ ᠭᠦᠢᠴᠡᠳᠬᠡᠬᠦ ᠡᠯ᠎ᠡ | ᠵᠦᠢᠯ ᠤᠨ ᠵᠣᠯᠭᠠᠯᠴᠠᠭ᠎ᠠ ᠵᠢᠴᠢ ᠦᠢᠯᠡᠴᠢᠯᠡᠭᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠦᠷᠦᠯ | ᠵᠦᠢᠯ ᠢ ᠲᠦᠷᠭᠡᠨ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠷᠠᠳ | ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠤᠨ᠂ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ | ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠩᠭᠠᠳᠬᠠᠪᠠ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠲᠦᠷᠦᠯ ᠵᠦᠢᠯ ᠢ ᠲᠥᠯᠥᠪᠵᠢᠭᠦᠯᠬᠦ ᠪᠠ ᠠᠬᠢᠭᠤᠯᠬᠤ ᠵᠡᠷᠭᠡ | ᠠᠰᠠᠭᠤᠳᠠᠯ ᠤᠨ ᠲᠣᠭᠤᠷᠢᠨ ᠳᠤ ᠵᠦᠢ ᠵᠣᠬᠢᠰᠲᠠᠢ ᠰᠠᠨᠠᠭᠤᠯᠭ᠎ᠠ ᠳᠤᠷᠠᠳᠴᠠᠢ᠃ |