ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠯᠪᠠᠯᠠᠬᠤ ᠰᠢᠰᠲ᠋ᠧᠮ ᠤᠨ ᠠᠵᠢᠯ ᠤᠨ ᠪᠣᠯᠪᠠᠰᠤᠷᠠᠯ ᠤᠨ ᠬᠤᠷᠠᠯ ᠬᠢᠵᠡᠢ
ᠨᠡᠶᠢᠲᠡᠯᠡᠭᠰᠡᠨ ᠴᠠᠭ᠄
2025/4/15
      4 ᠰᠠᠷ᠎ᠠ ᠶᠢᠨ 11 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠯᠪᠠᠯᠠᠬᠤ ᠰᠢᠰᠲ᠋ᠧᠮ ᠤᠨ ᠠᠵᠢᠯ ᠤᠨ ᠪᠣᠯᠪᠠᠰᠤᠷᠠᠯ ᠤᠨ ᠬᠤᠷᠠᠯ ᠬᠢᠪᠡ᠃    ᠲᠣᠰ ᠤᠳᠠᠭᠠᠨ ᠤ ᠪᠣᠯᠪᠠᠰᠤᠷᠠᠯ ᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠠᠴᠠ ᠲᠦᠷᠦᠭᠦᠯᠡᠨ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠠᠯᠪᠠᠨ ᠬᠡᠷ ᠤᠨ ᠬᠠᠷᠢᠭᠤᠴᠠᠯᠭᠠᠲᠠᠨ ᠵᠢᠴᠢ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠪᠣᠯᠪᠠᠰᠤᠷᠠᠯ ᠳᠤ ᠣᠷᠣᠯᠴᠠᠪᠠ᠃ ᠰᠢᠨ᠎ᠡ ᠴᠠᠭ ᠦᠶ᠎ᠡ ᠶᠢᠨ ᠠᠯᠪᠠᠨ ᠭᠡᠷ ᠤᠨ ᠠᠵᠢᠯ ᠤᠨ ᠰᠢᠨ᠎ᠡ ᠱᠠᠭᠠᠷᠳᠠᠯᠭ᠎ᠠ ᠳᠤ ᠴᠢᠭᠯᠡᠭᠦᠯᠦᠨ᠂ ᠪᠣᠯᠪᠠᠰᠤᠷᠠᠯ ᠨᠢ ᠠᠯᠪᠠᠨ ᠪᠢᠴᠢᠭ ᠤᠨ ᠠᠵᠢᠯᠯᠠᠭᠠᠨ᠂ ᠬᠤᠷᠠᠯ ᠤᠨ ᠪᠡᠯᠡᠳᠬᠡᠯ ᠠᠵᠢᠯ᠂ ᠱᠠᠯᠠᠪᠳᠠᠨ ᠪᠠᠶᠢᠴᠠᠭᠠᠯᠲᠠ᠂ ᠠᠯᠪᠠᠨ ᠪᠢᠴᠢᠭ ᠲᠠᠷᠬᠠᠭᠠᠬᠤ᠂ ᠠᠯᠪᠠᠨ ᠪᠢᠴᠢᠭ ᠤᠨ ᠬᠡᠪ ᠵᠠᠭᠪᠤᠷ ᠤᠨ ᠵᠢᠷᠤᠮᠵᠢᠯ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠮᠢᠶᠠᠷᠤᠯᠲᠠ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠂ ᠨᠢᠭᠤᠴᠠ ᠶᠢ ᠬᠠᠮᠠᠭᠠᠯᠠᠬᠤ ᠠᠵᠢᠯ ᠵᠡᠷᠭᠡ ᠲᠤᠬᠠᠶᠢᠯᠠᠭᠰᠠᠨ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠲᠤᠰᠬᠠᠶ ᠰᠡᠳᠦᠪ ᠢᠶᠠᠷ ᠬᠢᠴᠢᠶᠡᠯᠯᠡᠵᠡᠢ᠃ ᠬᠢᠴᠢᠶᠡᠯ ᠤᠨ ᠲᠣᠬᠢᠷᠠᠭᠤᠯᠤᠯᠲᠠ ᠨᠢ ︽ᠣᠨᠣᠯ + ᠦᠢᠯᠡᠳᠦᠯᠭᠡ︾ ᠶᠢ ᠳᠣᠪᠤᠶᠢᠯᠭᠠᠵᠤ᠂ ᠶᠡᠭᠡ ᠬᠡᠮᠵᠢᠶᠡᠨ ᠤ ᠠᠮᠢᠳᠤᠯᠢᠭ ᠬᠡᠷᠡᠭ ᠤᠨ ᠵᠢᠱᠢᠶ᠎ᠡ ᠶᠢᠨ ᠵᠠᠳᠠᠯᠤᠯᠲᠠ ᠪᠠᠷ ᠳᠡᠮᠵᠢᠨ᠂ ᠠᠵᠢᠯ ᠤᠨ ᠭᠤᠤᠯᠳᠠᠯᠭ᠎ᠠ ᠪᠠᠨ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠵᠠᠳᠠᠯᠬᠤ ᠶᠢᠨ ᠬᠠᠮᠲᠤ᠂ ᠬᠠᠷᠢᠯᠴᠠᠨ ᠬᠥᠳᠡᠯᠦᠯᠴᠡᠵᠦ ᠮᠠᠳᠠᠭ ᠲᠠᠢ ᠠᠰᠠᠭᠤᠳᠠᠯ ᠢ ᠬᠠᠷᠢᠭᠤᠯᠬᠤ ᠭᠤᠭᠴᠤᠭ᠎ᠠ ᠶᠢ ᠳᠣᠭᠢᠷᠠᠭᠤᠯᠤᠨ᠂ ᠪᠣᠯᠪᠠᠰᠤᠷᠠᠯ ᠳᠤ ᠣᠷᠣᠯᠴᠠᠭᠰᠠᠳ ᠤᠨ ᠡᠳᠦᠷ ᠲᠤᠲᠤᠮ ᠤᠨ ᠠᠵᠢᠯ ᠤᠨ ᠳᠤᠮᠳᠠ ᠲᠤᠯᠭᠠᠷᠠᠭᠰᠠᠨ ᠲᠥᠭᠡᠷᠢᠭᠳᠡᠯ ᠢ ᠴᠠᠭ ᠲᠤᠬᠠᠶ ᠳᠤᠨᠢ ᠰᠢᠢᠳᠪᠤᠷᠢᠯᠡᠪᠡ᠃     ᠲᠤᠰ ᠤᠳᠠᠭᠠᠨ ᠤ ᠪᠣᠯᠪᠠᠰᠤᠷᠠᠯ ᠨᠢ ᠪᠣᠯᠪᠠᠰᠤᠷᠠᠯ ᠳᠤ ᠣᠷᠣᠯᠴᠠᠭᠰᠠᠳ ᠲᠤ ᠣᠨᠣᠯ ᠤᠨ ᠮᠡᠳᠡᠯᠭᠡ ᠶᠢ ᠭᠦᠨᠵᠡᠭᠡᠶ ᠣᠶᠢᠯᠠᠭᠠᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠪᠣᠳᠠᠲᠠᠶ ᠠᠵᠢᠯ ᠤᠨ ᠳᠤᠮᠳᠠ ᠪᠠᠨ ᠨᠠᠷᠢᠯᠢᠭ ᠣᠨᠣᠴᠠᠲᠠᠶ ᠪᠠᠷ ᠬᠡᠷᠡᠭᠯᠡᠵᠦ᠂ ᠵᠢᠷᠤᠮᠵᠢᠯ ᠤᠨ ᠶᠠᠪᠤᠴᠠ ᠶᠢ ᠦᠨᠡᠨ ᠬᠦ ᠡᠵᠡᠮᠰᠢᠭᠦᠯᠦᠨ᠂ ᠪᠠᠶᠢᠩᠭᠤ ᠲᠣᠬᠢᠶᠠᠯᠳᠤᠬᠤ ᠠᠯᠳᠠᠭ᠎ᠠ ᠭᠠᠷᠬᠤ ᠠᠴᠠ ᠪᠦᠲᠦᠮᠵᠢᠲᠡᠶ ᠵᠠᠶᠢᠯᠠᠰᠭᠢᠵᠦ ᠴᠢᠳᠠᠭᠰᠠᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号