ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠠᠪᠢᠨ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2025/4/15
     4 ᠰᠠᠷ᠎ᠠ ᠶᠢᠨ 11 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ  ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠠᠪᠢᠨ ᠵᠢᠷᠭᠤᠳᠤᠭᠠᠷ ᠤᠳᠠᠭᠠᠨ ᠤ ᠬᠤᠷᠠᠯ ᠪᠣᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠳᠥᠴᠢ ᠶᠢᠰᠦᠳᠦᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠬᠤᠷᠠᠯ ᠳᠤ ᠣᠷᠣᠯᠴᠠᠵᠤ ᠬᠤᠷᠠᠯ ᠢ ᠡᠷᠭᠢᠯᠡᠪᠡ᠃ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠪᠦᠷᠢᠯᠳᠦᠬᠦᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ 3 ᠰᠠᠷ᠎ᠠ ᠶᠢᠨ 31 ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠰᠠᠶᠢᠳ ᠯᠢ ᠴᠢᠶᠠᠩ ᠤᠨ ᠠᠵᠤ ᠠᠬᠤᠶ ᠶᠢᠨ ᠪᠠᠶᠢᠳᠠᠯ ᠤᠨ ᠲᠤᠰᠬᠠᠶ ᠮᠡᠷᠭᠡᠵᠢᠯᠲᠡᠨ ᠪᠣᠯᠤᠨ ᠠᠵᠤ ᠠᠬᠤᠶᠢᠯᠠᠯᠲᠠᠨ ᠤ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠂ ᠠᠯᠪᠠᠨ ᠠᠵᠢᠯᠯᠠᠭ᠎ᠠ ᠶᠢᠨ ᠬᠤᠭᠤᠴᠠᠭᠠᠨ ᠳᠤ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠲᠣᠭᠲᠠᠭᠠᠯ ᠠᠴᠠ ᠵᠥᠷᠢᠴᠡᠨ ᠦᠵᠡᠮᠵᠢ ᠶᠢᠨ ᠣᠷᠣᠨ ᠢᠶᠠᠷ ᠵᠤᠭᠠᠴᠠᠭᠰᠠᠨ ᠵᠡᠷᠭᠡ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠠᠴᠠ ᠵᠥᠷᠢᠴᠡᠭᠰᠡᠨ ᠨᠡᠶᠢᠲᠡᠯᠢᠭ ᠠᠰᠠᠭᠤᠳᠠᠯ ᠤᠨ ᠲᠤᠬᠠᠶ ᠮᠡᠳᠡᠭᠡᠯᠡᠯ ᠵᠢᠴᠢ ᠸᠠᠩ ᠯᠢ ᠰᠢᠶᠠ ᠲᠡᠷᠢᠭᠦᠯᠡᠭᠴᠢ  ᠶᠢᠨ 3 ᠰᠠᠷ᠎ᠠ ᠶᠢᠨ 31 ᠤ ᠡᠳᠦᠷ ᠠᠴᠠ 4 ᠰᠠᠷ᠎ᠠ ᠶᠢᠨ 1 ᠤ ᠡᠳᠦᠷ ᠪᠣᠯᠲᠠᠯ᠎ᠠ ᠬᠢᠩᠭᠠᠨ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ 2025 ᠣᠨ ᠤ ᠠᠮᠢᠳᠤ ᠭᠠᠭ᠋ᠠᠢ ᠶᠢᠨ ᠠᠵᠤ ᠦᠢᠯᠡᠰ ᠢ ᠬᠡᠪᠴᠢᠶᠡᠵᠢᠭᠦᠯᠦᠨ ᠬᠥᠭᠵᠢᠭᠦᠯᠬᠦ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠲᠠᠷᠢᠶᠠᠨ ᠭᠠᠵᠠᠷ ᠢ ᠰᠢᠯᠵᠢᠭᠦᠯᠦᠨ ᠲᠦᠷᠢᠶᠡᠰᠦᠯᠡᠭᠦᠯᠬᠦ᠂ ᠴᠡᠷᠢᠭ ᠠᠴᠠ ᠬᠠᠯᠠᠭᠳᠠᠭᠰᠠᠳ ᠢ ᠲᠤᠰᠠᠯᠠᠬᠤ ᠴᠢᠨᠠᠷᠲᠠᠢ ᠠᠵᠢᠯ ᠤᠨ ᠪᠠᠶᠢᠷᠢ ᠶᠢᠨ ᠴᠠᠯᠢᠩ ᠢ ᠲᠤᠬᠢᠷᠠᠭᠤᠯᠬᠤ᠂ 2025 ᠣᠨ ᠤ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠦᠷᠦᠯ ᠵᠦᠢᠯ ᠢ ᠲᠥᠯᠥᠪᠵᠢᠭᠦᠯᠬᠦ ᠵᠢᠴᠢ ᠣᠷᠣᠰᠢᠭᠤᠯᠭ᠎ᠠ ᠶᠢᠨ ᠬᠦᠷᠢᠶᠡᠨ ᠳᠠᠬᠢ ᠢᠯᠵᠠᠷᠠᠯ ᠤᠨ ᠦᠵᠡᠭᠳᠡᠯ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠠᠵᠢᠯ ᠤᠨ ᠬᠡᠷᠡᠭᠵᠢᠭᠦᠯᠬᠦ ᠲᠥᠰᠦᠯ ᠢ ᠰᠤᠳᠤᠯᠪᠠ᠃ ︽ᠭᠠᠭ᠋ᠠᠶ ᠲᠡᠵᠢᠭᠡᠬᠦ ᠲᠠᠯᠠᠪᠠᠶ ᠶᠢᠨ ᠲᠦᠷᠢᠶᠡᠰᠦᠯᠡᠬᠦ᠂ ᠪᠤᠴᠠᠭᠠᠨ ᠬᠤᠳᠠᠯᠳᠤᠨ ᠠᠪᠬᠤ ᠨᠥᠬᠦᠪᠥᠷᠢ ᠵᠥᠪᠯᠡᠯᠴᠡᠭᠡᠷ︾ ︽2025 ᠣᠨ ᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠥᠷᠢ ᠪᠠᠯᠠ ᠮᠥᠩᠭᠦ ︵ᠬᠤᠶᠠᠳᠤᠭᠠᠷ ᠪᠦᠯᠦᠭ︶ ᠶᠢᠨ ᠲᠥᠰᠦᠪ ᠢ ᠪᠠᠭᠤᠯᠭᠠᠬᠤ ᠲᠤᠬᠠᠶ ᠮᠡᠳᠡᠭᠳᠡᠯ ︾ ᠤᠨ ᠪᠠᠯᠠ ᠮᠥᠩᠭᠦ ᠬᠤᠪᠢᠶᠠᠷᠢᠯᠠᠬᠤ ᠲᠥᠯᠥᠪᠯᠡᠭᠡ᠂ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ︾ ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠵᠢᠴᠢ ︽2025 ᠣᠨ ᠤ ᠴᠢᠨᠠᠷ ᠰᠠᠶᠢᠲᠠᠶ ᠬᠥᠭᠵᠢᠯᠲᠡ ᠶᠢᠨ ᠬᠦᠷᠢᠶ᠎ᠡ ᠬᠠᠰᠢᠶᠠᠨ ᠤ ᠠᠵᠤ ᠠᠬᠤᠶ ᠶᠢᠨ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾ ᠢ ᠰᠤᠳᠤᠯᠤᠨ ᠬᠢᠨᠠᠨ ᠵᠥᠪᠯᠡᠪᠡ᠃ ᠬᠤᠷᠠᠯ ᠠᠴᠠ ᠪᠠᠰᠠ ᠤᠯᠤᠰ ᠤᠨ ᠥᠮᠴᠢᠯᠡᠯᠳᠤ ᠠᠵᠤ ᠠᠬᠤᠶᠢᠯᠠᠯ ᠤᠨ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠬᠠᠷᠢᠭᠤ ᠮᠡᠳᠡᠭᠦᠯᠦᠯᠳᠡ ᠬᠢᠪᠡ᠃    ᠬᠤᠷᠠᠯ ᠠᠴᠠ᠂ ︽ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠶᠢ ᠪᠠᠭᠠᠰᠬᠠᠬᠤ︾ ᠪᠠᠷ ᠬᠤᠤᠰ ᠬᠥᠳᠡᠯᠭᠡᠭᠦᠷ ᠪᠣᠯᠭᠠᠬᠤ ᠠᠵᠢᠯ ᠢ ᠰᠠᠶᠢᠲᠤᠷ ᠬᠢᠵᠦ᠂ ᠨᠢᠭᠡ ᠲᠠᠯ᠎ᠠ ᠪᠠᠷ ᠡᠬᠢ ᠪᠠᠶᠠᠯᠢᠭ ᠤᠨ ᠲᠠᠯᠲᠠ ᠬᠦᠴᠦᠨ ᠢ ᠠᠭᠤᠳᠠᠯᠵᠤ᠂ ᠨᠦᠭᠦᠭᠡ ᠲᠠᠯ᠎ᠠ ᠪᠠᠷ ᠪᠠᠯᠠ ᠮᠥᠩᠭᠦ ᠶᠢ ᠬᠢᠵᠠᠭᠠᠷᠯᠠᠬᠤ ᠬᠠᠮᠢᠶᠠᠷᠤᠯᠲᠠ ᠶᠢ ᠴᠢᠩᠭᠠᠳᠬᠠᠨ᠂ ᠤᠯᠤᠰ ᠤᠨ ᠥᠮᠴᠢᠯᠡᠯᠳᠤ ᠠᠵᠤ ᠠᠬᠤᠶᠢᠯᠠᠯ ᠤᠨ ᠬᠤᠯᠪᠣᠭᠳᠠᠯ ᠪᠦᠭᠦᠢ ᠠᠵᠢᠯ ᠢ ᠪᠦᠭᠦ ᠲᠠᠯ᠎ᠠ ᠪᠠᠷ ᠠᠬᠢᠭᠤᠯᠵᠤ᠂ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠠᠪᠤᠳᠠᠯ ᠢ ᠪᠡᠶᠡᠯᠡᠭᠦᠯᠬᠦ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ᠶᠢ ᠴᠢᠩᠭ᠎ᠠ ᠵᠢᠷᠤᠮᠯᠠᠨ᠂ ᠲᠦᠷᠦᠯ ᠵᠦᠢᠯ ᠤᠨ ᠠᠬᠢᠴᠠ ᠶᠢ ᠴᠢᠩᠭ᠎ᠠ ᠠᠩᠬᠠᠷᠴᠤ᠂ ᠲᠦᠷᠦᠯ ᠵᠦᠢᠯ ᠤᠨ ᠡᠷᠬᠡ ᠶᠢ ᠨᠤᠲᠠᠯᠠᠨ ᠲᠣᠭᠲᠠᠭᠠᠬᠤ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠬᠦ ᠵᠡᠷᠭᠡ ᠠᠵᠢᠯ ᠢ ᠰᠠᠶᠢᠲᠤᠷ ᠬᠢᠵᠦ᠂ ᠲᠦᠷᠦᠯ ᠵᠦᠢᠯ ᠢ ᠡᠷᠲᠡᠬᠡᠨ ᠪᠦᠳᠦᠭᠡᠨ ᠪᠠᠶᠢᠭᠤᠯᠬᠤ᠂ ᠪᠦᠲᠦᠮᠵᠢᠲᠡᠢ ᠡᠵᠡᠩᠨᠡᠬᠦ᠂ ᠠᠰᠢᠭ ᠣᠷᠣᠯᠭ᠎ᠠ ᠶᠢ ᠵᠣᠬᠢᠰᠲᠠᠢ ᠬᠤᠪᠢᠶᠠᠷᠢᠯᠠᠬᠤ ᠶᠢ ᠪᠠᠲᠤᠯᠠᠵᠤ᠂ ᠠᠮᠢᠳᠤ ᠭᠠᠭ᠋ᠠᠢ ᠶᠢᠨ ᠠᠵᠤ ᠦᠢᠯᠡᠰ ᠢ ᠬᠡᠪᠴᠢᠶᠡᠵᠢᠭᠦᠯᠦᠨ ᠬᠥᠭᠵᠢᠭᠦᠯᠬᠦ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠨᠡᠭᠦᠳᠡᠯ ᠠᠷᠠᠳ ᠤᠨ ᠲᠤᠪᠤᠶᠢᠮ᠎ᠠ ᠠᠰᠠᠭᠤᠳᠠᠯ ᠢ ᠤᠷᠤᠭᠰᠢᠲᠠᠢ ᠬᠡᠷᠡᠭᠵᠢᠭᠦᠯᠦᠭᠳᠡᠬᠦ ᠶᠢ ᠠᠬᠢᠭᠤᠯᠬᠤ ᠬᠡᠷᠡᠭᠲᠡᠢ᠃ ᠭᠠᠭ᠋ᠠᠶ ᠲᠡᠵᠢᠭᠡᠬᠦ ᠲᠠᠯᠠᠪᠠᠶ ᠶᠢᠨ ᠲᠦᠷᠢᠶᠡᠰᠦᠯᠡᠯ᠂ ᠬᠦᠷᠢᠶᠡᠯᠡᠩ ᠲᠣᠭᠤᠷᠢᠭ ᠤᠨ ᠲᠠᠷᠢᠶᠠᠨ ᠭᠠᠵᠠᠷ ᠤᠨ ᠡᠵᠡᠩᠨᠡᠯᠳᠡ ᠶᠢᠨ ᠡᠷᠭᠡ ᠶᠢ ᠰᠢᠯᠵᠢᠬᠦᠯᠤᠨ ᠲᠦᠷᠢᠶᠡᠰᠦᠯᠡᠬᠦ ᠭᠡᠷ᠎ᠡ ᠲᠣᠭᠲᠠᠬᠤ ᠶᠠᠪᠤᠴᠠ ᠶᠢ ᠵᠢᠷᠤᠮᠵᠢᠭᠤᠯᠵᠤ᠂ ᠲᠦᠷᠢᠶᠡᠰᠦᠯᠡᠬᠦ ᠭᠠᠷᠳᠠᠮ ᠢ ᠭᠦᠢᠴᠡᠳᠭᠡᠬᠦ ᠶᠢ ᠬᠠᠤᠯᠢ ᠲᠣᠭᠲᠠᠭᠠᠯ ᠶᠣᠰᠣᠭᠠᠷ ᠡᠮᠬᠢ ᠵᠢᠷᠤᠮ ᠲᠠᠢ ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠶᠢᠨ ᠪᠠᠯᠠ ᠮᠥᠩᠭᠦ ᠶᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠵᠤᠯᠭᠠᠭᠤᠯᠵᠤ᠂ ᠲᠥᠷᠥᠯ ᠵᠦᠢᠯ ᠢ ᠢᠯᠡ ᠪᠣᠯᠭᠠᠬᠤ ᠶᠢ ᠴᠠᠭ ᠲᠤᠬᠠᠶ ᠳᠤᠨᠢ ᠰᠠᠶᠢᠲᠤᠷ ᠬᠢᠵᠦ᠂ ᠪᠠᠯᠠ ᠮᠥᠩᠭᠦ ᠬᠡᠷᠡᠭᠯᠡᠬᠦ ᠶᠢ ᠴᠢᠩᠭ᠎ᠠ ᠬᠠᠮᠢᠶᠠᠷᠬᠤ ᠬᠡᠷᠡᠭᠳᠡᠢ᠃ ᠴᠡᠷᠢᠭ ᠠᠴᠠ ᠬᠠᠯᠠᠭᠳᠠᠭᠰᠠᠳ ᠤᠨ ᠲᠤᠰᠠᠯᠠᠬᠤ ᠴᠢᠨᠠᠷᠲᠠᠶ ᠠᠵᠢᠯ ᠤᠨ ᠪᠠᠶᠢᠷᠢ ᠶᠢᠨ ᠴᠠᠯᠢᠩ ᠳᠤ ᠲᠣᠬᠢᠷᠠᠭᠤᠯᠤᠯᠲᠠ ᠬᠢᠬᠦ ᠲᠥᠷᠥ ᠶᠢᠨ ᠪᠣᠳᠣᠯᠭ᠎ᠠ ᠪᠠ ᠦᠨᠳᠦᠰᠦᠯᠡᠯ ᠶᠣᠰᠣᠭᠠᠷ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ᠂ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠣᠷᠣᠨ ᠰᠠᠭᠤᠴᠠ ᠵᠢᠴᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ ᠶᠢ ᠦᠨᠳᠦᠰᠦᠯᠡᠨ᠂ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠪᠠᠷ ᠬᠡᠷᠡᠭᠴᠡᠭᠡ ᠱᠠᠭᠠᠷᠳᠠᠯᠭ᠎ᠠ ᠲᠠᠢ ᠣᠯᠠᠨ ᠲᠦᠮᠡᠨ ᠳᠤ ᠦᠨᠡᠨ ᠬᠦ ᠠᠰᠢᠭ ᠬᠦᠷᠲᠡᠭᠡᠬᠦ ᠬᠡᠷᠡᠭᠲᠡᠶ᠃ ᠬᠦᠷᠢᠶ᠎ᠠ ᠬᠠᠰᠢᠶᠠᠨ ᠤ ᠠᠵᠤ ᠠᠬᠤᠶ ᠶᠢᠨ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠥᠬᠦ ᠬᠤᠰᠢᠭᠤᠨ ᠤ ᠭᠠᠴᠠᠭ᠎ᠠ ᠲᠣᠰᠬᠤᠨ ᠳᠤ ᠬᠠᠨᠳᠤᠭᠤᠯᠤᠨ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠭᠤᠤᠯᠳᠠᠯᠭ᠎ᠠ ᠶᠢ ᠳᠣᠪᠤᠶᠢᠯᠭᠠᠨ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠰᠠᠶᠢᠲᠤᠷ ᠠᠳᠬᠤᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠠᠵᠤ ᠦᠢᠯᠡᠰ ᠢ ᠦᠷᠭᠦᠯᠵᠢᠯᠡᠨ ᠬᠥᠭᠵᠢᠭᠦᠯᠵᠦ᠂ ᠣᠯᠠᠨ ᠲᠦᠮᠡᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠶ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠦᠷᠦᠯ ᠵᠦᠢᠯ ᠤᠨ ᠲᠥᠯᠥᠪᠵᠢᠭᠦᠯᠭᠡ ᠶᠢ ᠦᠷᠭᠦᠯᠵᠢᠯᠡᠨ ᠠᠬᠢᠭᠤᠯᠵᠤ᠂ ᠴᠠᠭ ᠤᠨ ᠠᠬᠢᠴᠠ ᠶᠢᠨ ᠶᠣᠰᠣᠭᠠᠷ ᠡᠯ᠎ᠡ ᠵᠦᠢᠯ ᠤᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠣᠷᠣᠰᠢᠭᠤᠯᠭ᠎ᠠ ᠶᠢᠨ ᠬᠦᠷᠢᠶᠡᠨ ᠳᠠᠬᠢ ᠢᠯᠵᠠᠷᠠᠯ ᠤᠨ ᠦᠵᠡᠭᠳᠡᠯ ᠢ ᠭᠦᠨᠵᠡᠭᠡᠶ ᠵᠢᠭᠰᠠᠭᠠᠨ ᠪᠠᠶᠢᠴᠠᠭᠠᠵᠤ᠂ ᠴᠡᠭᠴᠡᠯᠡᠨ ᠥᠭᠡᠷᠡᠴᠢᠯᠡᠬᠦ ᠠᠵᠢᠯ ᠢ ᠴᠢᠩᠭᠠᠳᠬᠠᠵᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠠᠶᠢᠮᠠᠭ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠤᠯᠠᠷᠢᠯ ᠤᠨ ᠬᠤᠰᠢᠭᠤ ᠰᠢᠶᠠᠨ ᠬᠤᠲᠠ ᠶᠢᠨ ᠠᠵᠢᠯ ᠢ ᠮᠡᠳᠡᠭᠡᠯᠡᠬᠦ ᠠᠭᠤᠯᠭ᠎ᠠ ᠶᠢ ᠡᠮᠬᠢᠯᠡᠬᠦ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ᠃ ᠬᠤᠷᠠᠯ ᠠᠴᠠ ᠪᠠᠰᠠ ᠪᠥᠬᠦ ᠬᠤᠰᠢᠭᠤᠨ ᠤ ᠨᠠᠰᠤᠲᠠᠨ ᠢ ᠠᠰᠠᠷᠠᠬᠤ ᠬᠦᠷᠢᠶᠡᠯᠡᠩ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠲᠠᠯ᠎ᠠ ᠪᠠᠷ᠂ ᠴᠠᠭ ᠠᠭᠤᠷ ᠤᠨ ᠣᠨᠴᠠᠭᠠᠶ ᠰᠡᠷᠭᠡᠶᠢᠯᠡᠯᠲᠡ ᠶᠢᠨ ᠲᠠᠯ᠎ᠠ ᠪᠠᠷ ᠪᠣᠳᠠᠲᠠᠶ ᠱᠠᠭᠠᠷᠳᠠᠯᠭ᠎ᠠ ᠳᠤᠷᠠᠳᠴᠠᠶ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号