ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ 2025 ᠣᠨ ᠤ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2025/4/15
      4 ᠰᠠᠷ᠎ᠠ ᠶᠢᠨ 12 ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠪᠠ᠃ ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤ ︵ᠲᠥᠪ︶ ᠶᠢᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃    ᠰᠦᠨ ᠱᠤ᠋ ᠲᠤᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠦᠳᠡᠭᠡ ᠠᠵᠤ ᠠᠬᠤᠢ ᠬᠦᠳᠡᠭᠡ ᠲᠤᠰᠬᠤᠨ ᠮᠠᠯᠴᠢᠨ ᠲᠠᠷᠢᠶᠠᠴᠢᠨ︾ ᠤ ᠠᠵᠢᠯ ᠤᠨ ᠪᠥᠬᠦ ᠬᠤᠰᠢᠭᠤᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠠᠬᠢ ᠴᠢᠬᠤᠯᠠ ᠪᠠᠶᠢᠷᠢ ᠰᠠᠭᠤᠷᠢ ᠶᠢ ᠭᠦᠨᠵᠡᠭᠡᠶ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠤᠮᠤ ᠰᠢᠶᠠᠩ ᠪᠠᠯᠭᠠᠰᠤ ᠶᠢᠨ ᠳᠥᠷᠪᠡᠨ ᠵᠦᠢᠯ ᠤᠨ ᠭᠤᠤᠯᠳᠠᠯᠭ᠎ᠠ ᠲᠠᠢ ᠠᠵᠢᠯ ᠢ ᠪᠣᠳᠠᠲᠠᠶ ᠠᠳᠬᠤᠵᠤ᠂ ᠰᠤᠮᠤ ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠵᠦᠢᠯᠡᠰ ᠤᠨ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠥᠳᠡᠭᠡ ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠶ᠂ ᠵᠣᠬᠢᠶᠠᠨ ᠪᠠᠶᠢᠭᠤᠯᠤᠯᠲᠠ ᠵᠡᠷᠭᠡ ᠶᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠶ᠃ ᠤᠯᠤᠰ ᠤᠨ ᠥᠮᠴᠢᠯᠡᠯᠳᠤ ᠠᠵᠤ ᠠᠬᠤᠶᠢᠯᠠᠯ ᠤᠨ ᠣᠷᠣᠯᠴᠠᠭᠰᠠᠨ ᠭᠤᠣᠯᠳᠠᠯᠭ᠎ᠠ ᠲᠠᠢ ᠲᠦᠷᠦᠯ ᠵᠦᠢᠯ ᠤᠨ ᠲᠤᠬᠠᠢ ᠤᠯᠤᠰ ᠤᠨ ᠥᠮᠴᠢᠯᠡᠯᠳᠤ ᠠᠵᠤ ᠠᠬᠤᠶᠢᠯᠠᠯ ᠤᠨ ᠬᠢᠨ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠡᠷᠬᠡᠪᠰᠢ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠵᠤ᠂ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠬᠤᠰᠢᠭᠤᠨ ᠤ ᠳᠡᠭᠡᠳᠦ ᠳᠣᠤᠷᠠᠳᠤ ᠱᠠᠲᠤ ᠪᠠᠷ ᠢᠶᠠᠨ ᠬᠥᠳᠡᠯᠦᠯᠴᠡᠵᠦ᠂ ︽ᠴᠠᠭ ᠢᠮᠠᠭᠲᠠ ᠰᠠᠨᠠᠭ᠎ᠠ ᠠᠮᠤᠷ ᠥᠬᠡᠶ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠ ︽ᠶᠠᠪᠤᠳᠠᠯ ᠪᠣᠯᠭᠠᠨ ᠢ ᠪᠣᠳᠠᠲᠠᠶ ᠨᠠᠶᠢᠳᠠᠪᠤᠷᠢᠵᠢᠭᠤᠯᠬᠤ︾ ᠬᠡᠷᠡᠭᠵᠢᠭᠦᠯᠬᠦ ᠬᠦᠴᠦᠨ ᠢᠶᠠᠷ ᠮᠠᠯᠵᠢᠬᠤ ᠲᠠᠷᠢᠶᠠᠯᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠱᠠᠭᠠᠷᠳᠠᠪᠠ᠃    ᠰᠦᠨ ᠱᠤ᠋ ᠲᠤᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠤᠯᠤᠰ ᠲᠦᠷᠦ ᠶᠢᠨ ᠲᠠᠯ᠎ᠠ ᠪᠠᠷ ᠰᠡᠷᠭᠡᠭ ᠪᠥᠭᠡᠳ ᠡᠷᠡᠰ ᠪᠠᠲᠤ ᠪᠠᠶᠢᠬᠤ ᠶᠢ ᠢᠮᠠᠭᠲᠠ ᠪᠠᠲᠤᠯᠠᠨ᠂ ᠰᠤᠷᠤᠯᠴᠠᠬᠤ ᠶᠢ ᠢᠮᠠᠭᠲᠠ ᠲᠤᠭᠤᠰᠢᠯᠠᠭᠤᠯᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠶᠢ ᠴᠥᠬᠦᠷᠡᠰᠢ ᠦᠭᠡᠢ ᠪᠠᠷᠢᠮᠲᠠᠯᠠᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠪᠣᠯᠤᠨ ᠰᠠᠶᠢᠨ ᠰᠠᠶᠢᠬᠠᠨ ᠠᠵᠢᠯ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ︽ᠵᠠᠬᠢᠶᠠᠯᠠᠬᠤ ᠬᠡᠯᠪᠡᠷᠢ︾ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠵᠠᠭᠪᠤᠷ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠵᠤ᠂ ᠠᠵᠤ ᠠᠬᠤᠶᠢᠯᠠᠯ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ᠂ ᠪᠠᠯᠠ ᠲᠣᠬᠢᠷᠠᠭᠤᠯᠭ᠎ᠠ ᠶᠢᠨ ᠵᠢᠭᠡᠯᠡᠯᠭᠡ ᠥᠭᠬᠦ ᠵᠡᠷᠭᠡ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠪᠥᠬᠦ ᠬᠦᠴᠦᠨ ᠢᠶᠠᠷ ᠢᠶᠠᠨ ᠲᠡᠮᠡᠴᠡᠨ ᠣᠯᠵᠤ᠂ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号