| 4 ᠰᠠᠷ᠎ᠠ ᠶᠢᠨ 11 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠬᠡ ᠤᠷᠢᠳ | ᠬᠤᠵᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ | ᠬᠥᠮᠦᠵᠢᠯ ᠤᠨ ᠲᠥᠪ᠂ ᠠᠮᠤᠷ ᠠᠰᠠᠷᠠᠨ ᠬᠠᠷᠠᠭᠠᠯᠵᠠᠬᠤ ᠬᠦᠷᠢᠶᠡᠯᠡᠩ᠂ ᠲᠠᠪᠠᠭᠠᠨ ᠭᠤᠤ ᠪᠠᠭ᠎ᠠ ᠰᠤᠷᠭᠠᠭᠤᠯᠢ ᠳᠤ | ᠬᠦᠷᠴᠦ᠂ ᠲᠦᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠮᠤᠷ ᠲᠦᠪᠰᠢᠨ ᠤ | ᠬᠠᠮᠢᠶᠠᠷᠤᠯᠲᠠ ᠪᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠵᠡᠷᠭᠡ ᠠᠵᠢᠯ ᠢ ᠲᠤᠬᠠᠶ ᠶᠢᠨ | ᠭᠠᠵᠠᠷ ᠲᠤᠨᠢ ᠰᠢᠨᠵᠢᠯᠡᠨ ᠪᠠᠶᠢᠴᠠᠭᠠᠵᠦ ᠬᠢᠨᠠᠨ ᠵᠢᠯᠣᠭᠤᠳᠪᠠ᠃ | ᠰᠦᠬᠡ ᠬᠡᠯᠡᠭᠰᠡᠨ ᠨᠢ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ | ᠠᠵᠢᠯ ᠤᠨ ᠭᠤᠣᠯᠳᠠᠯᠭ᠎ᠠ ᠲᠠᠢ ᠡᠭᠦᠷᠭᠡ ᠮᠥᠨ᠂ ᠪᠥᠬᠦ ᠠᠶᠢᠮᠠᠭ ᠤᠨ ᠡᠯ᠎ᠡ ᠱᠠᠲᠤ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠡᠳᠭᠡᠵᠦ᠂ ᠰᠤᠷᠤᠯᠴᠠᠯᠭ᠎ᠠ ᠬᠥᠮᠦᠵᠢᠯ ᠢᠶᠠᠷ ᠠᠵᠠ | ᠲᠣᠬᠢᠶᠠᠯ ᠪᠣᠯᠭᠠᠨ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ | ᠴᠥᠬᠦᠷᠡᠯ ᠥᠬᠡᠶ ᠲᠤᠭᠤᠰᠢᠯᠠᠭᠤᠯᠵᠦ᠂ ︽ᠳᠥᠷᠪᠡᠨ ᠰᠤᠷᠲᠠᠯ︾ ᠤᠨ ᠬᠡᠮ ᠠᠷᠬᠠᠭ ᠢ ᠭᠦᠨᠵᠡᠭᠡᠶ ᠵᠠᠯᠠᠷᠠᠭᠤᠯᠤᠨ | ᠵᠠᠰᠠᠵᠤ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠢ ᠦᠷᠭᠦᠯᠵᠢᠯᠡᠨ ᠴᠡᠭᠴᠡᠯᠡᠨ | ᠵᠠᠰᠠᠵᠤ᠂ ᠰᠤᠷᠲᠠᠯ ᠤᠨ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠤᠯᠬᠤ ᠶᠢ ᠲᠠᠰᠤᠷᠠᠯᠲᠠ ᠥᠬᠡᠶ ᠳᠥᠯᠭᠢᠨ | ᠠᠬᠢᠭᠤᠯᠬᠤ ᠬᠡᠷᠡᠭᠲᠡᠶ᠃ ᠰᠤᠷᠭᠠᠭᠤᠯᠢ ᠶᠢᠨ ᠬᠦᠷᠢᠶᠡᠨ ᠤ ᠬᠤᠭᠤᠯᠠ ᠤᠮᠳᠠ᠂ ᠡᠮ ᠡᠮᠨᠡᠯᠭᠡ ᠶᠢᠨ ᠳᠠᠭᠠᠳᠬᠠᠯ ᠤᠨ | ᠰᠠᠭᠤᠷᠢ ᠮᠥᠩᠭᠦ ᠶᠢᠨ ᠬᠠᠮᠢᠶᠠᠷᠤᠯᠲᠠ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠢ ᠴᠡᠭᠴᠡᠯᠡᠨ | ᠵᠠᠰᠠᠬᠤ ᠠᠵᠢᠯ ᠢ ᠭᠦᠨᠵᠡᠭᠡᠢ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠤᠯᠠᠨ ᠲᠦᠮᠡᠨ ᠤ ᠳᠡᠷᠭᠡᠳᠡ ᠡᠭᠦᠰᠦᠭᠰᠡᠨ ᠲᠥᠪ ᠪᠤᠰᠤ ᠰᠤᠷᠲᠠᠯ ᠪᠣᠯᠤᠨ | ᠢᠯᠵᠠᠷᠡᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ | ᠲᠦᠷᠦᠭᠳᠡᠯ ᠵᠣᠯ ᠵᠢᠷᠭᠠᠯᠳᠦ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃ | ᠰᠦᠬᠡ ᠬᠡᠯᠡᠭᠰᠡᠨ ᠨᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠮᠤᠷ ᠲᠦᠪᠰᠢᠨ ᠤ | ᠬᠠᠮᠢᠶᠠᠷᠤᠯᠲᠠ ᠶᠢ ᠴᠠᠭ ᠢᠮᠠᠭᠲᠠ ᠰᠤᠯᠠᠷᠠᠭᠤᠯᠵᠤ ᠪᠣᠯᠬᠤ ᠥᠬᠡᠶ᠂ ︽ᠠᠮᠢ ᠨᠠᠰᠤ ᠶᠢ ᠳᠡᠭᠡᠳᠦᠯᠡᠵᠦ᠂ ᠠᠮᠤᠷ | ᠲᠦᠪᠰᠢᠨ ᠢ ᠲᠡᠷᠢᠭᠦᠨ ᠳᠤ ᠲᠠᠯᠪᠢᠬᠤ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠠᠮᠤᠷ ᠲᠦᠪᠰᠢᠨ ᠤ | ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠡᠳᠦᠷ ᠲᠤᠲᠤᠮ ᠤᠨ | ᠲᠣᠭᠤᠷᠢᠨ ᠪᠠᠶᠢᠴᠠᠭᠠᠯᠲᠠ ᠪᠠ ᠠᠵᠢᠯᠲᠠᠨ ᠳᠤ ᠪᠤᠯᠪᠠᠰᠤᠷᠠᠯ ᠬᠦᠷᠳᠡᠭᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ | ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ᠂ | ᠠᠮᠤᠷ ᠲᠦᠪᠰᠢᠨ ᠤ ᠡ᠊ᠡᠳᠡᠯ ᠭᠠᠷᠬᠤ ᠶᠢ ᠡᠷᠡᠰ ᠰᠡᠷᠭᠡᠶᠢᠯᠡᠨ᠂ ᠥᠴᠦᠬᠡᠨ ᠴᠦ ᠠᠯᠳᠠᠰᠢ ᠭᠠᠷᠭᠠᠬᠤ ᠥᠬᠡᠶ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠪᠣᠯ ᠲᠦᠭ ᠲᠦᠮᠡᠨ | ᠠᠶᠢᠯ ᠡᠷᠦᠬᠡ ᠳᠤ ᠬᠤᠯᠪᠣᠭᠳᠠᠬᠤ ᠶᠡᠭᠡ ᠶᠠᠪᠤᠳᠠᠯ ᠴᠢᠬᠤᠯᠠ ᠶᠠᠪᠤᠳᠠᠯ ᠪᠣᠯᠤᠨ᠎ᠠ᠂ ᠪᠥᠬᠦ ᠠᠶᠢᠮᠠᠭ ᠤᠨ ᠡᠯ᠎ᠡ ᠱᠠᠲᠤ | ᠢᠳᠡᠭᠡᠨ ᠤ ᠠᠮᠤᠷ ᠲᠦᠪᠰᠢᠨ ᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠤᠨ᠂ ᠰᠤᠷᠭᠠᠭᠤᠯᠢ ᠶᠢᠨ | ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠢᠳᠡᠭᠡᠨ ᠤ | ᠠᠮᠤᠷ ᠲᠦᠪᠰᠢᠨ ᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠬᠦᠯᠳᠡᠷᠵᠢᠬᠦᠯᠵᠦ᠂ | ᠢᠳᠡᠭᠡᠨ ᠤ ᠵᠦᠢᠯ ᠢ ᠬᠤᠳᠠᠯᠳᠤᠨ ᠠᠪᠬᠤ᠂ ᠡᠳ᠋ᠰᠢᠬᠦᠯᠵᠦ ᠲᠤᠬᠢᠷᠠᠭᠤᠯᠤᠨ ᠬᠦᠷᠭᠡᠬᠦ ᠵᠡᠷᠭᠡ ᠭᠤᠭᠴᠤᠭ᠎ᠠ | ᠨᠢᠭᠡᠪᠦᠷᠢ ᠶᠢ ᠪᠤᠳᠠᠳᠠᠢ ᠠᠳᠬᠤᠵᠦ᠂ ︽ᠢᠨᠲ᠋ᠧᠷ ᠰᠦᠯᠵᠢᠶ᠎ᠡ + ᠢᠯᠡ ᠲᠤᠭᠤᠭᠠᠨ ᠭᠡᠷ︾ ᠤᠨ ᠢᠨᠵᠧᠨᠧᠷᠢᠩ ᠢ | ᠰᠠᠶᠢᠲᠤᠷ ᠬᠡᠷᠡᠭᠵᠢᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ | ︾ ᠢ ᠡᠷᠡᠰ ᠰᠠᠬᠢᠨ ᠬᠠᠮᠠᠭᠠᠯᠠᠬᠤ ᠬᠡᠷᠡᠭᠲᠡᠶ ᠭᠡᠪᠡ᠃ | ᠠᠶᠢᠮᠠᠭ ᠤᠨ ᠤᠳᠤᠷᠢᠳᠤᠯᠭ᠎ᠠ ᠴᠧᠩ ᠭᠤᠸᠠᠩ ᠵᠢᠶᠦ᠋ᠨ᠂ ᠭᠦ᠋ ᠯᠢ ᠮᠢᠨ᠂ ᠰᠦᠨ ᠱᠣ᠋ ᠲᠤᠤ ᠰᠢᠨᠵᠢᠯᠡᠨ | ᠪᠠᠶᠢᠴᠠᠭᠠᠯᠳᠠ ᠳᠤ ᠤᠷᠤᠯᠴᠠᠪᠠ᠃ ︵ᠵᠠᠩ ᠸᠧᠶ ᠨᠠᠨ︶ |