| ︽ᠪᠡᠶ᠎ᠡ ᠶᠢᠨ ᠬᠦᠨᠳᠦ ᠶᠢᠨ ᠬᠠᠮᠢᠶᠠᠷᠤᠯᠲᠠ︾ ᠶᠢ ᠬᠤᠶᠠᠷ ᠬᠤᠷᠠᠯ ᠤᠨ ᠠᠷᠠᠳ ᠤᠨ ᠠᠮᠢᠳᠤᠷᠠᠯ ᠤᠨ ᠵᠥᠪᠯᠡᠬᠦ | ᠵᠦᠢᠯ ᠳᠤ ᠣᠷᠣᠭᠤᠯᠤᠭᠰᠠᠨ ᠨᠢ ᠤᠯᠤᠰ ᠠᠴᠠ ᠪᠥᠬᠦ ᠠᠷᠠᠳ ᠤᠨ ᠡᠷᠡᠭᠦᠯ ᠮᠡᠨᠳᠦ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠠᠶᠢᠬᠤ ᠶᠢ ᠬᠠᠷᠠᠭᠤᠯᠵᠤ ᠪᠠᠶᠢᠭ᠎ᠠ ᠶᠤᠮ᠃ 2024 ᠣᠨ ᠳᠤ᠂ ᠤᠯᠤᠰ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠨᠢ ᠰᠤᠷᠭᠠᠨ ᠬᠥᠮᠦᠵᠢᠯ ᠤᠨ ᠶᠠᠮᠤᠨ᠂ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ | ᠵᠡᠷᠭᠡ 16 ᠰᠠᠯᠠᠭ᠎ᠠ ᠮᠥᠴᠢᠷ ᠲᠠᠢ ᠬᠠᠮᠲᠤᠷᠠᠨ ︽ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠣᠨ︾ ᠤ | ᠠᠵᠢᠯᠯᠠᠭ᠎ᠠ ᠶᠢ ᠡᠬᠢᠯᠡᠭᠦᠯᠦᠭᠰᠡᠨ ᠪᠥᠭᠡᠳ ︽ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠣᠨ︾ ᠤ | ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ 3 ᠵᠢᠯ ᠣᠷᠴᠢᠮ ᠤᠨ ᠴᠠᠭ ᠬᠤᠭᠤᠴᠠᠭ᠎ᠠ ᠶᠢ | ᠬᠡᠷᠡᠭᠰᠡᠵᠦ ᠪᠠᠶᠢᠭᠠᠳ ᠪᠥᠬᠦ ᠠᠷᠠᠳ ᠤᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠦᠵᠡᠯ ᠤᠬᠠᠮᠰᠠᠷ ᠪᠠ ᠤᠷ᠎ᠠ | ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠨᠠᠩ | ᠲᠦᠭᠡᠮᠡᠯᠵᠢᠭᠦᠯᠦᠨ᠎ᠡ ᠬᠡᠵᠡᠢ᠃ | ᠬᠠᠮᠢᠶ᠎ᠠ ᠪᠦᠬᠦᠢ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠮᠠᠨ ᠤ ᠤᠯᠤᠰ ᠤᠨ ᠨᠠᠰᠤᠨ ᠳᠤ | ᠬᠦᠷᠦᠭᠰᠡᠳ ᠤᠨ ᠪᠡᠶ᠎ᠡ ᠶᠢᠨ ᠬᠦᠨᠳᠦ ᠨᠢ ᠬᠡᠲᠦᠷᠡᠭᠰᠡᠨ ᠨᠤᠷᠮ᠎ᠠ 50% ᠶᠢ ᠳᠠᠪᠠᠭᠰᠠᠨ ᠪᠥᠭᠡᠳ ᠮᠠᠷᠢᠶᠠᠯᠠᠬᠤ | ᠨᠣᠷᠮ᠎ᠠ ᠨᠢ ᠮᠦᠨ ᠴᠦ ᠳᠡᠭᠡᠭᠰᠢᠯᠡᠬᠦ ᠬᠠᠨᠳᠤᠰᠢ ᠲᠠᠢ ᠪᠠᠶᠢᠨ᠎ᠠ᠃ ᠮᠠᠷᠢᠶᠠᠯᠠᠬᠤ ᠠᠴᠠ ᠪᠣᠯᠤᠭᠰᠠᠨ ᠡᠷᠡᠭᠦᠯ ᠮᠡᠨᠳᠦ ᠶᠢᠨ | ᠳᠠᠯᠳᠠ ᠭᠡᠮ ᠣᠯᠠᠨ ᠪᠠᠶᠢᠳᠠᠭ᠃ ᠲᠡᠷᠡ ᠨᠢ 200 ᠭᠠᠷᠤᠶ ᠵᠦᠢᠯ ᠤᠨ ᠡᠪᠡᠳᠴᠢᠨ ᠡᠮᠭᠡᠭ ᠲᠠᠢ ᠬᠤᠯᠪᠣᠭ᠎ᠠ ᠲᠠᠢ᠂ | ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ ᠡᠪᠡᠳᠴᠢᠨ᠂ ᠴᠢᠰᠤᠨ ᠥᠭᠡᠬᠦ ᠥᠨᠳᠥᠷ ᠡᠪᠡᠳᠴᠢᠨ᠂ | ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠵᠡᠷᠭᠡ ᠨᠢ ᠪᠦᠷ ᠮᠠᠷᠢᠶ᠎ᠠ ᠲᠠᠢ ᠨᠢᠭᠲᠠ ᠬᠤᠯᠪᠣᠭ᠎ᠠ ᠲᠠᠢ | ᠪᠠᠶᠢᠳᠠᠭ᠃ | ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠬᠠᠷᠠᠯᠲᠠ ᠶᠢ ᠪᠡᠶᠡᠯᠡᠭᠦᠯᠬᠦ ᠳᠤ ᠵᠠᠰᠠᠭ ᠤᠨ ᠣᠷᠳᠣᠨ᠂ ᠨᠡᠶᠢᠭᠡᠮ | ᠪᠠ ᠬᠤᠪᠢ ᠬᠥᠮᠦᠨ ᠣᠯᠠᠨ ᠲᠠᠯ᠎ᠠ ᠪᠠᠷ ᠬᠠᠮᠵᠢᠯᠴᠠᠨ ᠴᠢᠷᠮᠠᠶᠢᠬᠤ ᠨᠢ ᠵᠦᠢᠲᠠᠢ᠃ ᠵᠠᠰᠠᠭ ᠤᠨ ᠣᠷᠳᠣᠨ ᠬᠥᠲᠥᠯᠥᠨ | ᠵᠢᠯᠣᠭᠤᠳᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠢᠳᠡᠭᠡᠨ ᠤ ᠰᠢᠮ᠎ᠡ ᠲᠡᠵᠢᠭᠡᠯ ᠤᠨ ᠪᠠᠷᠢᠮᠵᠢᠶ᠎ᠠ ᠶᠢ | ᠲᠡᠭᠦᠯᠳᠡᠷᠵᠢᠭᠦᠯᠵᠦ᠂ ᠬᠡᠷᠡᠭᠯᠡᠭᠴᠢᠳ ᠲᠤ ᠢᠳᠡᠭᠡᠨ ᠤ ᠰᠢᠮ᠎ᠡ ᠲᠡᠵᠢᠭᠡᠯ ᠤᠨ ᠪᠦᠷᠢᠯᠳᠦᠬᠦᠨ ᠪᠠ ᠢᠯᠴᠢ ᠶᠢᠨ | ᠬᠡᠮᠵᠢᠶ᠎ᠡ ᠶᠢ ᠲᠣᠳᠣᠷᠬᠠᠶ ᠣᠶᠢᠯᠠᠭᠠᠭᠤᠯᠬᠤ ᠬᠡᠷᠡᠭᠲᠡᠶ︔ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠲᠦᠭᠦᠭᠡᠷᠦᠮᠵᠢ ᠳᠠᠬᠢ ᠣᠷᠣᠭᠤᠯᠤᠯᠲᠠ ᠪᠠᠨ ᠨᠡᠮᠡᠭᠳᠡᠭᠦᠯᠵᠦ᠂ ᠴᠡᠴᠡᠷᠯᠢᠭ᠂ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ | ᠨᠡᠶᠢᠭᠡᠮ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠲᠥᠪ ᠵᠡᠷᠭᠡ ᠶᠢ ᠨᠡᠩ ᠣᠯᠠᠨ ᠪᠠᠶᠢᠭᠤᠯᠵᠤ᠂ ᠠᠷᠠᠳ ᠣᠯᠠᠨ ᠤ | ᠡᠳᠦᠷ ᠲᠤᠲᠤᠮ ᠤᠨ ᠪᠡᠶ᠎ᠡ ᠪᠣᠯᠪᠠᠰᠤᠷᠠᠭᠤᠯᠬᠤ ᠳᠤ ᠳᠥᠭᠦᠮ ᠦᠵᠡᠭᠦᠯᠦᠨ᠎ᠡ︔ ᠡᠷᠡᠭᠦᠯ ᠮᠡᠨᠳᠦ ᠶᠢᠨ ᠰᠢᠨᠵᠢᠯᠡᠬᠦ | ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠶᠢ ᠴᠢᠩᠭᠠᠳᠬᠠᠵᠤ᠂ ᠰᠤᠷᠭᠠᠭᠤᠯᠢ ᠶᠢᠨ ᠬᠥᠮᠦᠵᠢᠯ᠂ ᠨᠡᠶᠢᠭᠡᠮ | ᠲᠣᠭᠤᠷᠢᠭ ᠤᠨ ᠤᠬᠠᠭᠤᠯᠭ᠎ᠠ᠂ ᠵᠠᠭᠤᠴᠢᠯᠠᠭᠤᠷ ᠤᠨ ᠤᠬᠠᠭᠤᠯᠭ᠎ᠠ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ | ᠳᠠᠮᠵᠢᠭᠤᠯᠤᠨ᠂ ᠪᠥᠬᠦ ᠠᠷᠠᠳ ᠤᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠤᠬᠠᠮᠰᠠᠷ ᠢ ᠳᠡᠭᠡᠭᠰᠢᠯᠡᠭᠦᠯᠪᠡᠯ | ᠵᠤᠬᠢᠨ᠎ᠠ᠃ ᠨᠡᠶᠢᠭᠡᠮ ᠤᠨ ᠲᠠᠯ᠎ᠠ ᠠᠴᠠ ᠠᠪᠴᠤ ᠬᠡᠯᠡᠪᠡᠯ᠂ ᠠᠵᠤ ᠠᠬᠤᠶᠢᠯᠠᠯ ᠨᠢ ᠨᠠᠩ ᠣᠯᠠᠨ ᠡᠷᠡᠭᠦᠯ ᠢᠳᠡᠭᠡᠨ᠂ | ᠣᠶᠤᠨᠴᠢ ᠬᠥᠳᠡᠯᠭᠡᠭᠡᠨ ᠤ ᠲᠥᠬᠦᠭᠡᠷᠦᠮᠵᠢ ᠪᠠ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ APP ᠶᠢ ᠨᠡᠭᠡᠭᠡᠨ | ᠬᠥᠭᠵᠢᠭᠦᠯᠵᠦ᠂ ᠠᠷᠠᠳ ᠣᠯᠠᠨ ᠳᠤ ᠲᠥᠬᠦᠮ ᠦᠵᠡᠭᠦᠯᠵᠦ ᠪᠣᠯᠤᠨ᠎ᠠ︔ ᠰᠤᠷᠭᠠᠭᠤᠯᠢ ᠨᠤᠭᠤᠳ ᠪᠡᠶ᠎ᠡ ᠶᠢᠨ | ᠲᠠᠮᠢᠷ ᠤᠨ ᠬᠢᠴᠢᠶᠡᠯ ᠢ ᠴᠢᠩᠭ᠎ᠠ ᠨᠠᠶᠢᠳᠠᠪᠤᠷᠢᠵᠢᠭᠤᠯᠵᠤ᠂ ᠰᠤᠷᠤᠭᠴᠢᠳ ᠤᠨ ᠡᠳᠦᠷ ᠪᠦᠷᠢ ᠭᠦᠢᠴᠡᠳ ᠬᠡᠮᠵᠢᠶᠡᠨ ᠤ | ᠬᠥᠳᠡᠯᠭᠡᠭᠡᠨ ᠬᠢᠬᠦ ᠶᠢ ᠪᠠᠲᠤᠯᠠᠵᠤ᠂ ᠰᠤᠷᠤᠭᠴᠢᠳ ᠤᠨ ᠡᠷᠡᠭᠦᠯ ᠴᠢᠭᠢᠷᠠᠭ ᠢᠳᠡᠭᠡᠨ ᠤᠮᠳᠠᠭᠠᠨ ᠪᠣᠯᠤᠨ | ᠬᠥᠳᠡᠯᠭᠡᠭᠡᠨ ᠤ ᠳᠠᠳᠬᠠᠯ ᠢ ᠬᠥᠮᠦᠵᠢᠭᠦᠯᠵᠦ ᠪᠤᠢ︔ ᠬᠤᠪᠢ ᠬᠦᠮᠦᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ | ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠬᠥᠮᠦᠨ ᠨᠢᠭᠡᠪᠦᠷᠢ ᠴᠥᠮ ᠵᠥᠪ ᠡᠷᠡᠭᠦᠯ ᠮᠡᠨᠳᠦ ᠶᠢᠨ | ᠦᠵᠡᠯᠲᠡ ᠶᠢ ᠪᠣᠶ ᠪᠣᠯᠭᠠᠵᠤ᠂ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ | ᠰᠤᠷᠤᠯᠴᠠᠨ᠂ ᠢᠳᠡᠭᠡᠨ ᠤᠮᠳᠠᠭᠠᠨ ᠤ ᠪᠦᠲᠦᠴᠡ ᠶᠢ ᠵᠦᠶ ᠵᠣᠬᠢᠰᠲᠠᠶ ᠲᠣᠬᠢᠷᠠᠭᠤᠯᠵᠤ᠂ ᠥᠪᠡᠷ ᠤᠨ ᠪᠡᠶ᠎ᠡ ᠳᠡᠭᠡᠨ | ᠳᠣᠭᠢᠷᠬᠠᠰᠠᠨ ᠬᠥᠳᠡᠯᠭᠡᠭᠡᠨ ᠤ ᠬᠡᠯᠪᠡᠷᠢ ᠶᠢ ᠰᠤᠩᠭᠤᠪᠡᠯ ᠵᠤᠬᠢᠨ᠎ᠠ᠃ | ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠨᠢ ᠡᠷᠡᠭᠦᠯ ᠰᠠᠷᠠᠭᠤᠯ ᠠᠮᠢᠳᠤᠷᠠᠯ ᠤᠨ ᠵᠠᠩᠭᠢᠯᠠᠭ᠎ᠠ ᠶᠢᠨ ᠭᠤᠭᠴᠤᠭ᠎ᠠ | ᠪᠣᠯᠤᠭᠰᠠᠨ ᠤ ᠬᠤᠪᠢ ᠳᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠢ ᠨᠢᠭᠲᠠ ᠬᠤᠯᠪᠣᠭᠳᠠᠵᠦ ᠪᠠᠶᠢᠳᠠᠭ᠃ | ᠡᠨᠡᠬᠦ ᠠᠬᠤᠶ ᠪᠠᠶᠢᠳᠠᠯ ᠳᠣᠣᠷ᠎ᠠ᠂ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠭᠤᠷᠪᠠᠨ ᠵᠢᠯ ᠤᠨ ᠲᠥᠯᠥᠪᠯᠡᠭᠡ ᠶᠢ | ᠬᠡᠷᠡᠭᠵᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠢ ᠶᠡᠭᠡ ᠪᠠᠷ ᠬᠥᠭᠵᠢᠭᠦᠯᠬᠦ ᠨᠢ ᠠᠯᠤᠰ | ᠬᠡᠳᠦ ᠶᠢᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠶᠤᠮ᠃ ︵︽ᠲᠤᠮᠳᠠᠳᠤ ᠤᠯᠤᠰ ᠤᠨ ᠮᠤᠩᠭᠤᠯ | ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ︾ ᠠᠴᠠ ᠰᠢᠯᠵᠢᠬᠦᠯᠪᠡ︶ |