ᠳᠡᠭᠡᠳᠦ ᠬᠡᠮᠵᠢᠶ᠎ᠡ ᠪᠠᠷ ᠤᠬᠠᠭᠠᠯᠠᠨ ᠲᠥᠯᠥᠪᠯᠡᠵᠦ ᠣᠨᠣᠴᠢᠲᠠᠶ ᠪᠠᠷ ᠵᠢᠭᠠᠨ ᠵᠢᠯᠣᠭᠤᠳᠤᠨ᠎ᠠ
ᠨᠡᠶᠢᠲᠡᠯᠡᠭᠰᠡᠨ ᠴᠠᠭ᠄
2025/4/15
      — ᠬᠢᠩᠭᠠᠨ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ ᠪᠠᠶᠢᠭ᠎ᠠ ᠳᠤᠬᠠᠢ ᠳᠡᠮᠳᠡᠭᠯᠡᠪᠡ        ᠣᠶᠢᠷ᠎ᠠ ᠶᠢᠨ ᠡᠳᠦᠷ ᠤᠳ ᠲᠤ᠂ ᠬᠢᠩᠭᠠᠨ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠭᠤᠤᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦᠨ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠭᠤᠤᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠨ᠂ ᠲᠥᠷᠥᠯ ᠬᠤᠪᠢᠶᠠᠨ ᠵᠢᠯᠣᠭᠤᠳᠬᠤ ᠪᠠᠨ ᠴᠢᠩᠭᠠᠳᠬᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠲᠥᠪ ᠤᠨ ᠨᠠᠢᠮᠠᠨ ᠲᠣᠭᠲᠠᠭᠠᠯ ᠢ ᠴᠥᠬᠦᠷᠡᠯ ᠥᠬᠡᠶ ᠨᠠᠶᠢᠳᠠᠪᠤᠷᠢᠵᠢᠭᠤᠯᠵᠤ᠂ ᠰᠤᠷᠤᠯᠭ᠎ᠠ ᠳᠠᠭᠠᠨ ᠶᠠᠰᠤ ᠴᠢᠨᠠᠷ ᠲᠠᠢ᠂ ᠪᠠᠶᠢᠴᠠᠭᠠᠯᠲᠠ ᠳᠠᠭᠠᠨ ᠡᠷᠴᠢᠮ ᠲᠠᠢ᠂ ᠥᠭᠡᠷᠡᠴᠢᠯᠡᠯᠲᠡ ᠳᠡᠭᠡᠨ ᠦᠷ᠎ᠡ ᠪᠦᠲᠦᠮᠵᠢ ᠲᠠᠢ ᠪᠠᠶᠢᠬᠤ ᠶᠢ ᠦᠨᠡᠨ ᠬᠦ ᠪᠠᠲᠤᠯᠠᠪᠠ᠃        ᠤᠯᠠᠭᠠᠨᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠤᠨ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ᠂ ᠭᠤᠷᠪᠠᠨ ᠱᠠᠲᠤᠨ ᠤ ᠡᠭᠦᠷᠭᠡ ᠶᠢᠨ ᠨᠠᠷᠢᠨ ᠬᠠᠭᠤᠳᠠᠰᠤ ᠶᠢ ᠲᠣᠭᠲᠠᠭᠠᠨ᠂ ᠲᠠᠪᠤᠨ ᠵᠦᠢᠯ ᠤᠨ ᠭᠤᠤᠯᠳᠠᠯᠭ᠎ᠠ ᠲᠠᠢ ᠠᠵᠢᠯ ᠢ ᠴᠢᠩᠭ᠎ᠠ ᠪᠥᠭᠡᠳ ᠪᠣᠳᠠᠲᠠᠶ ᠪᠠᠷ ᠰᠠᠶᠢᠲᠤᠷ ᠠᠳᠬᠤᠵᠤ᠂ ᠰᠤᠷᠤᠯᠴᠠᠯᠭ᠎ᠠ ᠬᠥᠮᠦᠵᠢᠯ ᠤᠨ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠃ ᠷᠠᠰᠢᠶᠠᠨ ᠬᠤᠲᠠ ︽ᠭᠤᠷᠪᠠ ᠶᠢ ᠠᠳᠬᠤᠵᠤ ᠭᠤᠷᠪᠠ ᠶᠢ ᠬᠢᠬᠦ︾ ᠳᠤ ᠠᠩᠬᠠᠷᠤᠯ ᠢᠶᠠᠨ ᠲᠥᠪᠯᠡᠷᠡᠭᠦᠯᠪᠡ᠂ ᠲᠤᠬᠠᠶᠢᠯᠠᠪᠠᠯ ᠥᠨᠳᠥᠷ ᠲᠤ ᠵᠣᠭᠰᠣᠨ ᠪᠠᠶᠢᠷᠢᠯᠠᠭᠤᠯᠤᠯᠲᠠ ᠶᠢ ᠠᠳᠬᠤᠵᠤ᠂ ᠲᠦᠷᠭᠡᠨ ᠡᠬᠢᠯᠡᠭᠦᠯᠬᠦ ᠶᠢ ᠪᠡᠶᠡᠯᠡᠭᠦᠯᠬᠦ︔ ᠥᠨᠳᠥᠷ ᠱᠠᠭᠠᠷᠳᠠᠯᠭ᠎ᠠ ᠪᠠᠷ ᠠᠬᠢᠭᠤᠯᠬᠤ ᠶᠢ ᠠᠳᠬᠤᠵᠤ᠂ ᠪᠦᠬᠦ ᠲᠠᠯ᠎ᠠ ᠪᠠᠷ ᠪᠠᠶᠢᠷᠢᠯᠠᠭᠤᠯᠬᠤ ᠶᠢ ᠪᠡᠶᠡᠯᠡᠭᠦᠯᠬᠦ︔ ᠲᠦᠷᠦᠯ ᠬᠤᠪᠢᠶᠠᠬᠤ ᠶᠢ ᠴᠢᠨᠠᠷ ᠰᠠᠶᠢᠲᠠᠢ ᠠᠳᠬᠤᠵᠤ᠂ ᠪᠦᠬᠦᠨ ᠢ ᠪᠦᠷᠬᠦᠬᠦᠯᠵᠦ᠂ ᠬᠥᠮᠦᠨ ᠢ ᠣᠷᠬᠢᠭᠳᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠡᠯ᠎ᠡ ᠵᠦᠢᠯ ᠤᠨ ᠠᠵᠢᠯ ᠢ ᠰᠠᠶᠢᠨ ᠡᠬᠢᠯᠡᠯᠲᠡ ᠲᠠᠢ ᠪᠣᠯᠭᠠᠬᠤ ᠶᠢ ᠱᠠᠭᠠᠷᠳᠠᠵᠤ ᠪᠠᠶᠢᠨ᠎ᠠ᠃ ᠵᠠᠯᠠᠶᠢᠳ ᠬᠤᠰᠢᠭᠤ ︽ᠬᠤᠰᠢᠭᠤᠨ ᠤ ᠨᠠᠮ ᠤᠨ ᠬᠤᠷᠢᠶ᠎ᠠ ᠨᠢᠭᠡᠳᠦᠯᠲᠡᠶ ᠲᠥᠯᠥᠪᠯᠡᠬᠦ + ᠲᠤᠰᠬᠠᠶ ᠠᠩᠭᠢ ᠪᠠᠷ ᠠᠬᠢᠭᠤᠯᠬᠤ + ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ︾ ᠭᠤᠷᠪᠠᠨ ᠱᠠᠲᠤᠨ ᠤ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠡᠬᠢᠯᠡᠯᠲᠡ ᠶᠢᠨ ᠬᠤᠷᠠᠯ᠂ ᠪᠣᠯᠪᠠᠰᠤᠷᠠᠯ ᠤᠨ ᠬᠤᠷᠠᠯ ᠵᠡᠷᠭᠡ ᠬᠡᠯᠪᠡᠷᠢ ᠪᠠᠷ ᠰᠤᠷᠤᠯᠴᠠᠯᠭ᠎ᠠ ᠬᠥᠮᠦᠵᠢᠯ ᠢ ᠪᠠᠶᠢᠷᠢᠯᠠᠭᠤᠯᠬᠤ ᠶᠢᠨ ᠬᠠᠮᠲᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠰᠦᠯᠵᠢᠶᠡᠨ ᠳᠡᠭᠡᠷᠡᠬᠢ ᠴᠡᠭ ᠠᠴᠠ ᠴᠡᠭ ᠲᠤ ᠬᠥᠷᠬᠦ ᠵᠢᠯᠣᠭᠤᠳᠣᠯᠭ᠎ᠠ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠣᠪᠣᠷ ᠰᠤᠷᠲᠠᠯ ᠤᠨ ᠤᠬᠠᠮᠰᠠᠷ ᠪᠠ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢᠨ ᠬᠤᠤᠰ ᠳᠡᠭᠡᠭᠰᠢᠯᠡᠯᠲᠡ ᠶᠢ ᠠᠬᠢᠭᠤᠯᠪᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠠᠮ ᠤᠨ ᠬᠤᠷᠢᠶᠠᠨ ᠤ ᠤᠳᠤᠷᠢᠳᠬᠤ ᠪᠠᠭ ᠠᠴᠠ ᠵᠢᠱᠢᠶ᠎ᠡ ᠦᠵᠡᠭᠦᠯᠤᠨ ᠰᠤᠷᠤᠯᠴᠠᠬᠤ᠂ ᠦᠨᠳᠦᠰᠦᠨ ᠱᠠᠲᠤᠨ ᠤ ᠨᠠᠮ ᠤᠨ ᠡᠭᠦᠷ ᠠᠴᠠ ᠳᠠᠭᠠᠵᠤ ᠰᠤᠷᠤᠯᠴᠠᠬᠤ᠂ ᠨᠠᠮ ᠤᠨ ᠭᠡᠰᠢᠭᠦᠨ ᠺᠠᠳ᠋ᠷ ᠪᠡᠶ᠎ᠡ ᠪᠠᠨ ᠳᠠᠭᠠᠭᠠᠨ ᠰᠤᠷᠤᠯᠴᠠᠬᠤ ᠲᠣᠭᠲᠠᠴᠠ ᠶᠢ ᠪᠠᠶᠢᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ︽ᠭᠤᠷᠪᠠᠨ ᠶᠠᠪᠤᠳᠠᠯ︾ ᠢ ᠰᠠᠶᠢᠲᠤᠷ ᠬᠢᠬᠦ ᠳᠡᠭᠡᠷ᠎ᠡ ᠢᠯᠡᠷᠡᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠣᠯᠠᠨ ᠲᠦᠮᠡᠨ ᠳᠤ ᠲᠠᠭᠠᠰᠢᠶᠠᠭᠳᠠᠬᠤ ᠪᠠᠷ ᠴᠢᠷᠮᠠᠶᠢᠵᠤ ᠪᠠᠶᠢᠨ᠎ᠠ᠃ ᠲᠦᠴᠢᠦᠸᠠᠨ ᠰᠢᠶᠠᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠡᠭᠦᠷᠭᠡ ᠶᠢ ᠨᠠᠷᠢᠨ ᠨᠠᠶᠢᠳᠠᠪᠤᠷᠢᠵᠢᠭᠤᠯᠬᠤ᠂ ᠲᠦᠷᠦᠯ ᠬᠤᠪᠢᠶᠠᠨ ᠵᠢᠯᠣᠭᠤᠳᠬᠤ ᠶᠢ ᠴᠢᠩᠭᠠᠳᠬᠠᠬᠤ᠂ ᠬᠡᠯᠪᠡᠷᠢᠴᠢ ᠦᠵᠡᠯ ᠢ ᠰᠡᠷᠭᠡᠶᠢᠯᠡᠬᠦ ᠵᠡᠷᠭᠡ ᠲᠠᠯ᠎ᠠ ᠪᠠᠷ 14 ᠵᠤᠷᠪᠤᠰ ᠱᠠᠭᠠᠷᠳᠠᠯᠭ᠎ᠠ ᠳᠤᠷᠠᠳᠴᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ᠂ ᠭᠤᠣᠯᠳᠠᠯᠭ᠎ᠠ ᠶᠢᠨ ᠰᠠᠨᠠᠭᠤᠯᠤᠮᠵᠢ ᠵᠡᠷᠭᠡ ᠠᠷᠭ᠎ᠠ ᠬᠡᠯᠪᠡᠷᠢ ᠪᠠᠷ ᠦᠨᠳᠦᠰᠦᠨ ᠱᠠᠲᠤᠨ ᠤ ᠰᠤᠷᠤᠯᠴᠠᠯᠭ᠎ᠠ ᠬᠥᠮᠦᠵᠢᠯ ᠤᠨ ᠬᠠᠷᠠᠯᠲᠠ ᠡᠭᠦᠷᠭᠡ ᠶᠢ ᠣᠨᠣᠴᠠᠲᠠᠢ ᠡᠵᠡᠮᠰᠢᠬᠦ ᠶᠢ ᠵᠢᠯᠣᠭᠤᠳᠴᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠨ᠎ᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠬᠤᠰᠢᠭᠤ᠂ ᠰᠤᠮᠤ ᠪᠠᠯᠭᠠᠰᠤ ︵ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠢ︶᠂ ᠭᠠᠴᠠᠭ᠎ᠠ ︵ᠨᠡᠶᠢᠭᠡᠮ ᠲᠣᠭᠤᠷᠢᠭ︶︾ ᠭᠤᠷᠪᠠᠨ ᠱᠠᠲᠤᠨ ᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠪᠠ ︽ᠬᠤᠰᠢᠭᠤᠨ ᠤ ᠨᠠᠮ ᠤᠨ ᠬᠤᠷᠢᠶ᠎ᠠ ᠨᠢᠭᠡᠳᠦᠯᠲᠡᠶ ᠲᠥᠯᠥᠪᠯᠡᠬᠦ᠂ ᠲᠤᠰᠬᠠᠶ ᠠᠩᠭᠢ ᠪᠠᠶᠢᠷᠢᠯᠠᠭᠤᠯᠬᠤ᠂ ᠰᠠᠯᠠᠭ᠎ᠠ ᠮᠥᠴᠢᠷ ᠠᠬᠢᠭᠤᠯᠬᠤ᠂ ᠨᠠᠮ ᠤᠨ ᠡᠭᠦᠷ ᠨᠠᠶᠢᠳᠠᠪᠤᠷᠢᠵᠢᠭᠤᠯᠬᠤ︾ ᠳᠥᠷᠪᠡᠨ ᠱᠠᠲᠤᠨ ᠤ ᠵᠢᠯᠣᠭᠤᠳᠤᠨ ᠬᠠᠷᠢᠯᠴᠠᠬᠤ ᠰᠢᠰᠲ᠋ᠧᠮ ᠢ ᠪᠠᠶᠢᠭᠤᠯᠵᠤ᠂ ᠴᠡᠭ ᠠᠴᠠ ᠴᠡᠭ ᠲᠤ ᠬᠥᠷᠬᠦ᠂ ᠪᠦᠬᠦᠨ ᠢ ᠬᠠᠮᠤᠷᠤᠨ ᠬᠠᠷᠢᠯᠴᠠᠵᠤ ᠵᠢᠯᠣᠭᠤᠳᠤᠨ᠂ ᠰᠤᠷᠤᠯᠴᠠᠯᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠬᠦᠮᠦᠰ ᠤᠨ ᠰᠡᠳᠭᠢᠯ ᠳᠤ ᠬᠠᠳᠠᠩᠰᠢᠭᠤᠯᠵᠤ ᠪᠠᠶᠢᠨ᠎ᠠ ᠃ ︵ᠯᠢ ᠶᠢᠨ ᠼᠠᠢ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号