ᠡᠮᠦᠨᠡᠳᠤ ᠬᠤᠰᠢᠭᠤ ︽ᠭᠡᠷ ᠤᠨ ᠡᠬᠦᠳᠡᠨ︾ ᠳᠤᠨᠢ ᠠᠵᠢᠯ ᠤᠯᠭᠤᠬᠤ ᠦᠢᠯᠡᠴᠢᠯᠡᠭᠡ ᠪᠠᠷ ᠤᠯᠠᠨ ᠲᠦᠮᠡᠨ ᠤ ᠪᠠᠶᠠᠷ ᠵᠢᠷᠭᠠᠯ ᠤᠨ ᠲᠦᠷᠥᠭᠳᠡᠯ ᠢ ᠨᠡᠮᠡᠭᠳᠡᠬᠦᠯᠵᠤ ᠪᠤᠢ
ᠨᠡᠶᠢᠲᠡᠯᠡᠭᠰᠡᠨ ᠴᠠᠭ᠄
2025/4/15
      ᠤᠶᠢᠷ᠎ᠠ ᠶᠢᠨ ᠵᠢᠯ ᠠᠴᠠ ᠨᠠᠭᠠᠰᠢ᠂ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤ ᠠᠵᠢᠯ ᠤᠯᠭᠤᠯᠳᠠ ᠶᠢ ᠲᠤᠭᠳᠠᠪᠤᠷᠢᠵᠢᠭᠤᠯᠬᠤ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠬᠤᠳᠠ ᠪᠠᠯᠭᠠᠰᠤᠨ ᠳᠤ ᠠᠵᠢᠯ ᠤᠯᠭᠤᠬᠤ ᠦᠢᠯᠡᠴᠢᠯᠡᠭᠡᠨ ᠤ ᠦᠷᠳᠡᠭᠡ ᠶᠢ ᠪᠦᠷᠬᠦᠬᠦᠯᠬᠦ᠂ ᠠᠮᠢᠳᠤᠯᠢᠭ ᠢᠶᠠᠷ ᠠᠵᠢᠯ ᠤᠯᠭᠤᠬᠤ ︽ᠰᠤᠯᠠ ᠠᠵᠢᠯ ᠤᠨ ᠵᠠᠬ᠎ᠠ ᠲᠡᠯᠭᠡᠬᠦᠷ︾ ᠢ ᠲᠦᠷᠢᠮᠵᠢᠬᠦᠨ ᠪᠦᠳᠤᠭᠡᠨ ᠪᠠᠶᠢᠭᠤᠯᠬᠤ᠂ ︽ᠭᠡᠷ ᠤᠨ ᠡᠬᠦᠳᠡᠨ︾ ᠳᠤᠨᠢ ᠠᠵᠢᠯᠳᠠᠠ ᠡᠯᠰᠡᠬᠦ ᠴᠤᠭᠯᠠᠭᠠᠨ ᠢ ᠤᠯᠠᠨ ᠤᠳᠠᠭ᠎ᠠ ᠡᠷᠬᠢᠯᠡᠬᠦ᠂ ᠦᠢᠯᠡᠰ ᠪᠤᠰᠬᠠᠬᠤ ᠲᠠᠭᠠᠳᠬᠠᠯ ᠤᠨ ᠵᠢᠭᠡᠯᠡᠯᠭᠡ ᠲᠠᠷᠬᠠᠭᠠᠬᠤ ᠵᠡᠷᠭᠡ ᠪᠤᠳᠠᠳᠤ ᠠᠷᠭ᠎ᠠ ᠠᠪᠴᠠᠯ ᠢᠶᠠᠷ ᠲᠠᠮᠵᠢᠨ ︽ᠲᠦᠷᠥ ᠶᠢᠨ ᠪᠤᠳᠤᠯᠭ᠎ᠠ ᠪᠠᠷ ᠬᠠᠪᠰᠤᠷᠤᠨ ᠲᠡᠳᠬᠦᠬᠦ + ᠤᠨᠤᠴᠠᠳᠠᠢ ᠦᠢᠯᠡᠴᠢᠯᠡᠬᠦ + ᠦᠢᠯᠡᠰ ᠪᠤᠰᠬᠠᠬᠤ ᠶᠢ ᠲᠠᠶᠢᠴᠢᠯᠠᠨ ᠲᠠᠭᠠᠭᠤᠯᠬᠤ︾ ᠤᠯᠠᠨ ᠡᠰᠢᠵᠢᠭᠰᠡᠨ ᠠᠵᠢᠯ ᠤᠯᠭᠤᠬᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠤᠯᠠᠨ ᠳᠦᠮᠡᠨ ᠤ ᠪᠠᠶᠠᠷ ᠵᠢᠷᠭᠠᠯ ᠤᠨ ᠳᠦᠷᠦᠭᠳᠡᠯ ᠢ ᠨᠡᠮᠡᠭᠳᠡᠭᠦᠯᠵᠤ ᠪᠤᠢ᠃      ᠡᠮᠤᠨᠡᠳᠤ ᠬᠤᠰᠢᠭᠤᠨ ᠳᠤ ᠨᠡᠶᠢᠳᠠ 33 ᠲᠦᠮᠡᠨ ᠬᠦᠮᠤᠨ ᠠᠮᠠ ᠲᠠᠢ᠂ ᠡᠬᠦᠨ ᠳᠤ 16 ᠲᠦᠮᠡᠨ ᠬᠦᠳᠡᠯᠮᠤᠷᠢ ᠬᠦᠴᠤᠨ ᠪᠤᠢ᠃ 2024 ᠤᠨ ᠳᠤ᠂ ᠡᠮᠤᠨᠡᠳᠤ ᠬᠤᠰᠢᠭᠤ ᠬᠤᠳᠠ ᠪᠠᠯᠭᠠᠰᠤᠨ ᠤ ᠰᠢᠨ᠎ᠠ ᠪᠠᠷ ᠨᠡᠮᠡᠭᠳᠡᠭᠰᠡᠨ ᠠᠵᠢᠯ ᠤᠯᠭᠤᠭᠰᠠᠨ ᠬᠦᠮᠤᠨ ᠤ ᠳᠤᠭ᠎ᠠ 770 ᠶᠢ ᠬᠡᠳᠤᠷᠠᠪᠠ᠃ ᠠᠵᠢᠯ ᠤᠯᠭᠤᠬᠤ ᠠᠵᠢᠯ ᠨᠢ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠭᠤᠤᠯᠳᠠᠯᠭ᠎ᠠ ᠪᠤᠯᠤᠭᠰᠠᠨ ᠤ ᠬᠤᠪᠢ ᠳᠤ ᠲᠤᠰ ᠬᠤᠰᠢᠭᠤᠨ ᠤ ᠠᠷᠠᠳ ᠤᠨ ᠠᠮᠢᠳᠤᠷᠠᠯ ᠤᠨ ᠬᠦᠷᠢᠶ᠎ᠠ ᠴᠠᠷᠠᠭᠠᠨ ᠤ ᠴᠢᠬᠤᠯᠠ ᠶᠠᠪᠤᠳᠠᠯ ᠪᠤᠯᠤᠭᠰᠠᠨ ᠪᠠᠶᠢᠨ᠎ᠠ᠃      2024 ᠤᠨ ᠳᠤ᠂ ᠡᠮᠤᠨᠡᠳᠤ ᠬᠤᠰᠢᠭᠤ ᠨᠡᠶᠢᠭᠡᠮ ᠲᠤᠭᠤᠷᠢᠭ ᠤᠨ ᠤᠶᠢᠷ᠎ᠠ ᠬᠠᠪᠢ ᠪᠠᠷ ᠨᠢᠭᠡ ᠪᠦᠯᠥᠭ ᠠᠵᠢᠯ ᠤᠯᠭᠤᠬᠤ ᠦᠢᠯᠡᠴᠢᠯᠡᠭᠡᠨ ᠤ ᠦᠷᠳᠡᠭᠡ ᠪᠠᠶᠢᠭᠤᠯᠪᠠ᠂ ᠡᠬᠦᠨ ᠤ ᠳᠤᠳᠤᠷ᠎ᠠ ᠰᠤᠯᠠ ᠠᠵᠢᠯ ᠤᠨ ᠵᠠᠬ᠎ᠠ ᠲᠡᠯᠭᠡᠬᠦᠷ ᠤᠨ ᠠᠵᠢᠯ ᠤᠯᠭᠤᠬᠤ ᠦᠢᠯᠡᠴᠢᠯᠡᠭᠡᠨ ᠤ ᠦᠷᠳᠡᠭᠡ ᠪᠠᠰᠠ ᠪᠠᠭᠳᠠᠵᠤ᠂ ᠬᠡᠪᠴᠢᠶ᠎ᠠ ᠨᠢ ᠶᠡᠭᠡ ᠪᠢᠰᠢ ᠴᠤ ᠳᠤᠨᠤᠭ ᠲᠦᠬᠦᠭᠡᠷᠤᠮᠵᠢ ᠪᠦᠷᠢᠨ᠂ ᠦᠢᠯᠡᠴᠢᠯᠡᠭᠡ ᠰᠠᠶᠢᠳᠠᠢ ᠪᠠᠶᠢᠵᠤ᠂ ᠠᠵᠢᠯ ᠡᠷᠢᠭᠰᠡᠳ ᠲᠤ ᠠᠵᠢᠯ ᠤᠯᠭᠤᠬᠤ ᠲᠠᠭᠠᠯᠠᠮᠵᠢᠳᠠᠢ ᠤᠷᠴᠢᠨ ᠢ ᠡᠬᠦᠳᠴᠤ ᠦᠭᠪᠡ᠃      ︽ᠤᠤᠯ ᠳᠠᠭᠠᠨ ᠪᠢᠳᠠ ᠵᠠᠮ ᠤᠨ ᠬᠠᠵᠠᠭᠤ ᠪᠠᠷ ᠵᠤᠭᠰᠤᠵᠤ ᠠᠵᠢᠯ ᠡᠷᠢᠳᠡᠭ᠂ ᠤᠳᠤ ᠠᠵᠢᠯᠳᠠᠨ ᠠᠴᠠ ᠲᠠᠩᠰᠠᠯᠠᠨ ᠲᠡᠮᠳᠡᠭᠯᠡᠭᠰᠡᠨ ᠰᠤᠷᠠᠭ ᠵᠠᠩᠬᠢ ᠪᠠᠷ ᠪᠢᠳᠠᠨ ᠳᠤ ᠠᠵᠢᠯ ᠲᠤᠬᠢᠷᠠᠭᠤᠯᠵᠤ ᠦᠭᠳᠡᠭ︾ ᠭᠡᠵᠤ ᠡᠮᠤᠨᠡᠳᠤ ᠬᠤᠰᠢᠭᠤᠨ ᠤ ᠰᠠᠭᠤᠭᠠᠯᠢ ᠠᠷᠠᠳ ᠵᠤᠤ ᠯᠢ ᠸᠧᠢ ᠬᠡᠯᠡᠪᠡ᠃      ᠵᠤᠤ ᠯᠢ ᠸᠧᠢ ᠶᠢᠨ ᠬᠡᠯᠡᠵᠤ ᠪᠠᠶᠢᠭ᠎ᠠ ᠭᠠᠵᠠᠷ ᠪᠤᠯ ᠲᠠᠷᠤᠢ ᠰᠢᠩ ᠺᠧ ᠨᠡᠶᠢᠭᠡᠮ ᠲᠤᠭᠤᠷᠢᠭ ᠤᠨ ᠰᠤᠯᠠ ᠠᠵᠢᠯ ᠤᠨ ᠵᠠᠬ᠎ᠠ ᠲᠡᠯᠭᠡᠬᠦᠷ ᠪᠤᠯᠤᠨ᠎ᠠ᠃ ᠡᠮᠤᠨᠡᠳᠤ ᠬᠤᠰᠢᠭᠤᠨ ᠤ ᠠᠵᠢᠯ ᠤᠯᠭᠤᠬᠤ ᠦᠢᠯᠡᠴᠢᠯᠡᠭᠡᠨ ᠤ ᠲᠦᠪ ︽ᠰᠤᠯᠠ ᠠᠵᠢᠯ ᠡᠷᠢᠭᠰᠡᠳ ᠬᠠᠮᠢᠭ᠎ᠠ ᠲᠦᠪᠯᠡᠷᠡᠪᠡᠯ᠂ ᠵᠠᠬ᠎ᠠ ᠲᠡᠯᠭᠡᠬᠦᠷ ᠢ ᠲᠡᠨᠳᠠ ᠲᠤᠬᠢᠷᠠᠭᠤᠯᠤᠨ᠂ ᠳᠡᠨᠳᠡ ᠦᠢᠯᠡᠴᠢᠯᠡᠭᠡ ᠬᠦᠷᠳᠡᠭᠡᠨ᠎ᠡ︾ ᠭᠡᠬᠦ ᠤᠨᠤᠯᠵᠢᠬᠤᠨ ᠢ ᠪᠠᠷᠢᠮᠳᠠᠯᠠᠵᠤ᠂ ᠨᠡᠶᠢᠭᠡᠮ ᠲᠤᠭᠤᠷᠢᠭ ᠲᠤ ᠰᠤᠯᠠ ᠠᠵᠢᠯ ᠤᠨ ᠵᠠᠬ᠎ᠠ ᠲᠡᠯᠭᠡᠬᠦᠷ ᠤᠨ ᠲᠠᠪᠴᠠᠩ ᠢ ᠪᠠᠶᠢᠭᠤᠯᠪᠠ᠃      ︽ᠪᠢᠳᠠ ᠪᠦᠬᠦ ᠬᠦᠴᠤᠨ ᠢᠶᠠᠷ ᠬᠤᠤᠰ ᠡᠬᠦᠳᠤᠯᠳᠠ ᠶᠢᠨ ᠬᠦᠷᠢᠶᠡᠯᠡᠩ ᠤᠨ ᠰᠤᠯᠠ ᠠᠵᠢᠯ ᠤᠨ ᠵᠠᠬ᠎ᠠ ᠲᠡᠯᠭᠡᠬᠦᠷ᠂ ᠰᠢᠩ ᠺᠧ ᠰᠤᠯᠠ ᠠᠵᠢᠯ ᠤᠨ ᠵᠠᠬ᠎ᠠ ᠲᠡᠯᠭᠡᠬᠦᠷ ᠤᠨ ᠲᠦᠷᠢᠮᠵᠢᠬᠦᠨ ᠪᠠᠶᠢᠭᠤᠯᠤᠯᠳᠠ ᠶᠢ ᠠᠬᠢᠭᠤᠯᠵᠤ᠂ ᠦᠢᠯᠡᠴᠢᠯᠡᠭᠡᠨ ᠤ ᠴᠢᠳᠠᠪᠬᠢ ᠪᠠᠨ ᠦᠷᠬᠦᠯᠵᠢᠯᠡᠨ ᠴᠢᠩᠭᠠᠳᠬᠠᠨ᠂ ᠠᠵᠢᠯ ᠤᠨ ᠪᠠᠶᠢᠷᠢ ᠶᠢᠨ ᠰᠤᠷᠠᠭ ᠵᠠᠩᠬᠢ ᠶᠢ ᠬᠤᠷᠢᠶᠠᠵᠤ ᠨᠡᠶᠢᠳᠡᠯᠡᠬᠦ ᠪᠠᠨ ᠨᠡᠮᠡᠭᠳᠡᠬᠦᠯᠵᠤ᠂ ᠠᠵᠢᠯ ᠡᠷᠢᠭᠰᠡᠳ ᠪᠠ ᠠᠵᠢᠯ ᠤᠨ ᠪᠠᠶᠢᠷᠢ ᠶᠢᠨ ᠲᠤᠬᠢᠷᠠᠯᠴᠠᠬᠤ ᠨᠤᠷᠮ᠎ᠠ ᠶᠢ ᠲᠡᠭᠡᠭᠰᠢᠯᠡᠬᠦᠯᠵᠤ᠂ ᠨᠠᠰᠤ ᠠᠬᠢᠭᠰᠠᠨ ᠪᠠ ᠠᠵᠢᠯ ᠤᠯᠬᠤ ᠳᠤ ᠬᠦᠴᠢᠷᠳᠡᠯᠳᠠᠢ ᠬᠦᠮᠦᠰ ᠲᠤ ᠲᠤᠬᠢᠷᠠᠬᠤ ᠠᠵᠢᠯ ᠤᠨ ᠪᠠᠶᠢᠷᠢ ᠶᠢ ᠭᠤᠤᠯᠳᠠᠯᠭ᠎ᠠ ᠲᠠᠢ ᠠᠭᠤᠳᠠᠯᠯᠠᠨ᠂ ᠠᠷᠠᠳ ᠤᠯᠠᠨ ᠤ ᠠᠵᠢᠯ ᠤᠯᠵᠤ ᠤᠷᠤᠯᠭ᠎ᠠ ᠪᠠᠨ ᠨᠡᠮᠡᠭᠳᠡᠬᠦᠯᠬᠦ ᠶᠢ ᠪᠠᠶᠠᠯᠡᠬᠦᠯᠬᠦ ᠳᠤ ᠪᠠᠳᠤᠯᠠᠭ᠎ᠠ ᠬᠠᠩᠭᠠᠨ᠎ᠠ᠃ ᠡᠬᠦᠨ ᠤ ᠬᠠᠮᠳᠤ᠂ ᠠᠯᠳᠠᠷ ᠰᠤᠮᠤ ᠪᠠ ᠪᠤᠷᠭᠠᠰᠤᠳᠠᠢ ᠰᠢᠶᠠᠩ ᠤᠨ ᠱᠦᠢ ᠺᠦ ᠲᠤᠰᠬᠤᠨ ᠢ ᠲᠤᠷᠰᠢᠯᠳᠠ ᠶᠢᠨ ᠴᠡᠭ ᠪᠤᠯᠭᠠᠨ᠂ ᠰᠢᠶᠠᠩ ᠪᠠ ᠲᠤᠰᠬᠤᠨ ᠤ ᠱᠠᠳᠤᠨ ᠤ ᠰᠤᠯᠠ ᠠᠵᠢᠯ ᠤᠨ ᠦᠷᠳᠡᠭᠡ ᠶᠢ ᠪᠠᠶᠢᠭᠤᠯᠵᠤ᠂ ᠰᠤᠯᠠ ᠠᠵᠢᠯ ᠤᠨ ᠵᠠᠬ᠎ᠠ ᠲᠡᠯᠭᠡᠬᠦᠷ ᠤᠨ ᠬᠦᠳᠡᠭᠡ ᠲᠤᠰᠬᠤᠨ ᠲᠡᠶᠢᠰᠢ ᠬᠦᠭᠵᠢᠬᠦ ᠶᠢ ᠠᠬᠢᠭᠤᠯᠪᠠ︾ ᠭᠡᠵᠤ ᠡᠮᠤᠨᠡᠳᠤ ᠬᠤᠰᠢᠭᠤᠨ ᠤ ᠬᠦᠮᠤᠨ ᠤ ᠬᠦᠴᠤᠨ ᠤ ᠡᠬᠢ ᠪᠠᠶᠠᠯᠢᠭ ᠪᠠ ᠠᠵᠢᠯ ᠤᠯᠭᠤᠬᠤ ᠦᠢᠯᠡᠴᠢᠯᠡᠭᠡᠨ ᠤ ᠲᠦᠪ ᠤᠨ ᠡᠷᠬᠢᠯᠡᠭᠴᠢ ᠫᠠᠩ ᠰᠢᠶᠤᠤ ᠬᠦᠢ ᠲᠠᠨᠢᠯᠴᠠᠭᠤᠯᠤᠨ᠎ᠠ᠃      ᠤᠳᠤᠬᠠᠨ ᠪᠤᠯᠳᠠᠯ᠎ᠠ᠂ ᠡᠮᠤᠨᠡᠳᠤ ᠬᠤᠰᠢᠭᠤᠨ ᠤ ᠬᠦᠮᠤᠨ ᠤ ᠬᠦᠴᠤᠨ ᠤ ᠡᠬᠢ ᠪᠠᠶᠠᠯᠢᠭ ᠪᠠ ᠠᠵᠢᠯ ᠤᠯᠭᠤᠬᠤ ᠦᠢᠯᠡᠴᠢᠯᠡᠭᠡᠨ ᠤ ᠲᠦᠪ ᠨᠢᠭᠡᠨᠳᠠ 1.5 ᠲᠦᠮᠠ ᠭᠠᠷᠤᠢ ᠵᠤᠷᠪᠤᠰ ᠰᠤᠯᠠ ᠠᠵᠢᠯ ᠤᠨ ᠰᠤᠷᠠᠭ ᠵᠠᠩᠬᠢ ᠶᠢ ᠨᠡᠶᠢᠳᠡᠯᠡᠨ᠂ 3500 ᠭᠠᠷᠤᠢ ᠬᠤᠪᠢ ᠠᠵᠢᠯᠳᠠᠨ ᠬᠡᠷᠡᠭᠯᠡᠬᠦ ᠭᠡᠷ᠎ᠠ ᠲᠤᠭᠳᠠᠪᠠ᠃ ᠨᠡᠶᠢᠳᠠ ᠶᠢᠨ ᠠᠵᠢᠯ ᠤᠯᠭᠤᠬᠤ ᠦᠢᠯᠡᠴᠢᠯᠡᠭᠡ ᠶᠢ ᠦᠨᠳᠤᠰᠤᠨ ᠱᠠᠳᠤᠨ ᠳᠤ ᠬᠦᠨᠵᠡᠭᠡᠶᠢᠷᠡᠬᠦᠯᠬᠦ ᠪᠠᠷ ᠲᠠᠮᠵᠢᠨ ᠪᠦᠬᠦ ᠬᠤᠰᠢᠭᠤᠨ ᠳᠤ 41 ︽ᠭᠡᠷ ᠤᠨ ᠡᠬᠦᠳᠡᠨ︾ ᠳᠤᠨᠢ ᠠᠵᠢᠯ ᠤᠯᠭᠤᠬᠤ ᠦᠢᠯᠡᠴᠢᠯᠡᠭᠡᠨ ᠤ ᠦᠷᠳᠡᠭᠡ ᠶᠢ ᠪᠠᠶᠢᠭᠤᠯᠤᠨ᠂ ᠠᠷᠠᠳ ᠲᠤ ᠲᠦᠬᠦᠮ ᠦᠵᠡᠬᠦᠯᠬᠦ ᠬᠢᠷᠢ ᠲᠦᠪᠰᠢᠨ ᠪᠠ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠠ ᠶᠢ ᠮᠡᠳᠡᠭᠳᠡᠮ᠎ᠠ ᠲᠡᠭᠡᠭᠰᠢᠯᠡᠭᠦᠯᠵᠠᠢ᠃      ᠤᠶᠢᠷ᠎ᠠ ᠶᠢᠨ ᠡᠳᠤᠷ᠂ 2025 ᠤᠨ ᠤ ᠬᠦᠳᠡᠭᠡ ᠲᠤᠰᠬᠤᠨ ᠤ ᠠᠵᠢᠯ ᠤᠯᠭᠤᠬᠤ ᠶᠡᠭᠡ ᠴᠤᠭᠯᠠᠷᠠᠯ ᠤᠨ ᠠᠵᠢᠯᠳᠠᠨ ᠡᠯᠰᠡᠬᠦ ᠴᠤᠭᠯᠠᠭᠠᠨ ᠡᠮᠤᠨᠡᠳᠤ ᠬᠤᠰᠢᠭᠤᠨ ᠤ ᠬᠦᠢᠯᠡᠷ ᠠᠮᠢ ᠠᠬᠤᠢ ᠶᠢᠨ ᠴᠡᠴᠡᠷᠯᠢᠭ ᠲᠤ ᠠᠮᠵᠢᠯᠳᠠᠳᠠᠢ ᠶᠠᠪᠤᠭᠳᠠᠪᠠ᠃      ︽ᠦᠩᠭᠡᠳᠤ ᠳ᠋ᠧᠩ ᠰᠤᠨᠢᠷᠬᠠᠬᠤ ᠶᠢᠨ ᠬᠠᠮᠳᠤ ᠠᠵᠢᠯ ᠡᠷᠢᠬᠦ ᠠᠰᠠᠭᠤᠳᠠᠯ ᠢᠶᠠᠨ ᠪᠠᠰᠠ ᠰᠶᠢᠳᠪᠤᠷᠢᠯᠡᠴᠢᠬᠡᠯ᠎ᠠ︾ ᠭᠡᠵᠤ ᠡᠮᠤᠨᠡᠳᠤ ᠬᠤᠰᠢᠭᠤᠨ ᠤ ᠰᠠᠭᠤᠭᠠᠯᠢ ᠠᠷᠠᠳ ᠰᠤ᠋ ᠸᠧᠨ ᠵᠢᠶᠧ ᠪᠠᠶᠠᠷᠳᠠᠢ ᠶᠠᠷᠢᠨ᠎ᠠ᠃ ᠴᠠᠭᠠᠨ ᠰᠠᠷ᠎ᠠ ᠶᠢᠨ ᠬᠤᠭᠤᠴᠠᠭᠠᠨ ᠳᠤ᠂ ᠠᠵᠢᠯᠳᠠᠨ ᠠᠴᠠ ᠲᠦᠷᠥ ᠶᠢᠨ ᠪᠤᠳᠤᠯᠭ᠎ᠠ ᠶᠢ ᠤᠬᠠᠭᠤᠯᠬᠤ ᠠᠭᠤᠯᠭ᠎ᠠ ᠲᠠᠢ ᠴᠠᠭᠠᠨ ᠰᠠᠷ᠎ᠠ ᠶᠢᠨ ᠵᠢᠷᠤᠭ ᠢ ᠲᠠᠷᠤᠮᠠᠯᠯᠠᠵᠤ᠂ ᠬᠤᠳᠠᠯᠳᠤᠭᠠᠴᠢᠨ ᠡᠷᠤᠬᠡ ᠪᠠ ᠤᠯᠠᠨ ᠲᠦᠮᠡᠨ ᠳᠤ ᠤᠨᠴᠠᠭᠠᠢ ᠲᠦᠷᠥ ᠶᠢᠨ ᠪᠤᠳᠤᠯᠭ᠎ᠠ ᠶᠢ ᠬᠦᠷᠭᠡᠵᠤ ᠦᠭᠬᠦᠯ᠎ᠠ᠃ ᠡᠳᠡᠭᠡᠷ ᠴᠠᠭᠠᠨ ᠰᠠᠷ᠎ᠠ ᠶᠢᠨ ᠵᠢᠷᠤᠭ ᠨᠢ ᠰᠠᠶᠢᠨ ᠰᠠᠶᠢᠬᠠᠨ ᠵᠦᠩᠨᠡᠯ ᠢ ᠠᠬᠤᠭᠤᠯᠤᠭᠰᠠᠨ ᠢᠶᠠᠷ ᠪᠠᠷᠠᠬᠤ ᠦᠭᠡᠢ ᠠᠵᠢᠯ ᠤᠯᠭᠤᠬᠤ ᠦᠢᠯᠡᠴᠢᠯᠡᠭᠡᠨ ᠤ ᠤᠨᠤᠯᠵᠢᠬᠤᠨ ᠢ ᠤᠯᠠᠮᠵᠢᠯᠠᠵᠤ᠂ ᠪᠠᠶᠠᠷ ᠲᠤᠷᠠᠰᠬᠠᠯ ᠤᠨ ᠡᠳᠤᠷ ᠤᠨ ᠠᠭᠤᠷ ᠠᠮᠢᠰᠬᠤᠯ ᠪᠠ ᠲᠦᠷᠥ ᠶᠢᠨ ᠪᠤᠳᠤᠯᠭ᠎ᠠ ᠶᠢᠨ ᠬᠦᠷᠳᠡᠮᠵᠢ ᠶᠢᠨ ᠲᠦᠷᠥᠭᠳᠡᠯ ᠢ ᠪᠦᠳᠤᠮᠵᠢᠳᠠᠢ ᠠᠭᠤᠰᠤᠯᠴᠠᠭᠤᠯᠪᠠ᠃      ᠤᠶᠢᠷ᠎ᠠ ᠶᠢᠨ ᠵᠢᠯ ᠠᠴᠠ ᠨᠠᠭᠠᠰᠢ᠂ ᠡᠮᠤᠨᠡᠳᠤ ᠬᠤᠰᠢᠭᠤᠨ ᠤ ᠬᠦᠮᠤᠨ ᠤ ᠬᠦᠴᠤᠨ ᠤ ᠡᠬᠢ ᠪᠠᠶᠠᠯᠢᠭ ᠪᠠ ᠠᠵᠢᠯ ᠤᠯᠭᠤᠬᠤ ᠦᠢᠯᠡᠴᠢᠯᠡᠭᠡᠨ ᠤ ᠲᠦᠪ ᠠᠴᠠ ᠰᠦᠯᠵᠢᠶᠡᠨ ᠲᠡᠭᠡᠷ᠎ᠠ ᠪᠠ ᠪᠤᠳᠠᠳᠤ ᠴᠤᠭᠴᠠ ᠲᠠᠢ ᠤᠶᠠᠯᠳᠤᠭᠤᠯᠬᠤ ᠬᠡᠯᠪᠡᠷᠢ ᠪᠠᠷ᠂ ᠤᠯᠠᠨ ᠠᠷᠭ᠎ᠠ ᠵᠠᠮ ᠢᠶᠠᠷ ᠠᠵᠢᠯᠳᠠᠨ ᠬᠡᠷᠡᠭᠯᠡᠬᠦ ᠠᠵᠤ ᠠᠬᠤᠶᠢᠯᠠᠯ ᠪᠠ ᠠᠵᠢᠯ ᠡᠷᠢᠬᠦ ᠤᠯᠠᠨ ᠲᠦᠮᠡᠨ ᠲᠠᠢ ᠠᠵᠢᠯᠳᠠᠨ ᠡᠯᠰᠡᠬᠦ ᠵᠤᠯᠭᠠᠯᠳᠠ ᠶᠢᠨ ᠲᠠᠪᠴᠠᠩ ᠢ ᠪᠠᠶᠢᠭᠤᠯᠤᠨ᠂ ᠠᠵᠢᠯ ᠤᠯᠭᠤᠬᠤ ᠲᠤᠰᠬᠠᠢ ᠲᠦᠷᠤᠯ ᠤᠨ ᠠᠵᠢᠯᠯᠠᠭ᠎ᠠ ᠶᠢ ᠦᠷᠨᠢᠬᠦᠯᠬᠦ ᠪᠠᠷ ᠲᠠᠮᠵᠢᠨ᠂ ᠰᠢᠨ᠎ᠠ ᠵᠠᠭᠤᠴᠢᠯᠠᠭᠤᠷ ᠤᠨ ᠲᠦᠷᠭᠡᠨ ᠲᠠᠮᠵᠢᠬᠤ᠂ ᠦᠷᠭᠡᠨ ᠢᠶᠠᠷ ᠪᠦᠷᠬᠦᠬᠦ ᠲᠠᠪᠠᠭᠤᠯᠢᠭ ᠢ ᠬᠦᠢᠴᠡᠳ ᠠᠰᠢᠭᠯᠠᠨ᠂ ᠸᠢᠴᠠᠲ ᠨᠡᠶᠢᠳᠠ ᠶᠢᠨ ᠨᠤᠮᠧᠷ᠂ ᠴᠤᠤᠷᠢᠶ᠎ᠠ ᠲᠠᠪᠴᠠᠩ ᠵᠡᠷᠭᠡ ᠳᠤ ᠲᠦᠰᠢᠭᠯᠡᠵᠤ᠂ ᠠᠵᠢᠯ ᠤᠯᠬᠤ ᠶᠢ ᠰᠦᠯᠵᠢᠶᠡᠨ ᠲᠡᠭᠡᠷ᠎ᠠ ᠵᠢᠯᠤᠭᠤᠳᠬᠤ᠂ ᠰᠦᠯᠵᠢᠶᠡᠨ ᠲᠡᠭᠡᠷ᠎ᠠ ᠲᠦᠷᠥ ᠶᠢᠨ ᠪᠤᠳᠤᠯᠭ᠎ᠠ ᠲᠠᠶᠢᠯᠪᠤᠷᠢᠯᠡᠬᠤ᠂ ᠰᠢᠭᠤᠳ ᠨᠡᠪᠳᠡᠷᠡᠬᠦᠯᠭᠡ ᠪᠠᠷ ᠠᠵᠢᠯ ᠤᠨ ᠪᠠᠶᠢᠷᠢ ᠬᠠᠩᠭᠠᠨ ᠰᠦᠯᠵᠢᠶᠡᠨ ᠲᠡᠭᠡᠷ᠎ᠠ ᠠᠵᠢᠯᠳᠠᠨ ᠡᠯᠰᠡᠬᠦ ᠳᠤᠬᠠᠶᠢᠯᠠᠬᠰᠠᠨ ᠠᠵᠢᠯ ᠢ ᠪᠦᠬᠦ ᠲᠠᠯ᠎ᠠ ᠪᠠᠷ ᠦᠷᠨᠢᠬᠦᠯᠪᠠ᠃      ᠡᠮᠤᠨᠡᠳᠤ ᠬᠤᠰᠢᠭᠤᠨ ᠤ ᠰᠠᠭᠤᠭᠠᠯᠢ ᠠᠷᠠᠳ ᠵᠸᠥ ᠬᠠᠢ ᠲᠢᠩ ᠬᠠᠷᠠᠬᠠᠨ ᠪᠠᠭ᠎ᠠ ᠠᠴᠠ ᠪᠠᠨ ᠭᠠᠷ ᠤᠷᠠᠯᠠᠯ ᠦᠢᠯᠡᠳᠬᠦ ᠳᠤ ᠪᠠᠭ᠋ᠠᠳᠠᠢ ᠪᠠᠶᠢᠵᠤ᠂ ᠶᠡᠭᠡ ᠰᠤᠷᠭᠠᠭᠤᠯᠢ ᠶᠢᠨ ᠬᠤᠭᠤᠴᠠᠭᠠᠨ ᠳᠠᠭᠠᠨ ᠭᠠᠷ ᠤᠷᠠᠯᠠᠯ ᠤᠨ ᠠᠷᠠᠰᠤᠨ ᠡᠳ᠋ᠯᠡᠯ ᠪᠠ ᠠᠷᠠᠰᠤᠨ ᠤᠷᠠᠯᠠᠯ ᠦᠢᠯᠡᠳᠬᠦ ᠶᠢ ᠰᠤᠷᠤᠯᠴᠠᠪᠠ᠃ ᠵᠠᠬ᠎ᠠ ᠲᠡᠯᠭᠡᠬᠦᠷ ᠤᠨ ᠪᠠᠶᠢᠴᠠᠭᠠᠯᠳᠠ ᠪᠠᠷ ᠲᠠᠮᠵᠢᠨ᠂ ᠬᠢᠩᠭᠠᠨ ᠠᠶᠢᠮᠠᠭ ᠲᠤ ᠠᠷᠠᠰᠤᠨ ᠡᠳ᠋ᠯᠡᠯ᠂ ᠠᠷᠠᠰᠤᠨ ᠤᠷᠠᠯᠠᠯ ᠦᠢᠯᠡᠳᠬᠦ ᠲᠡᠯᠭᠡᠬᠦᠷ ᠪᠠᠭ᠎ᠠ ᠪᠠᠶᠢᠵᠤ᠂ ᠨᠤᠳᠤᠭ ᠲᠠᠭᠠᠨ ᠬᠠᠷᠢᠵᠤ ᠦᠢᠯᠡᠰ ᠪᠤᠰᠬᠠᠬᠤ ᠪᠤᠳᠤᠯ ᠤᠷᠤᠭᠰᠠᠨ ᠪᠠᠶᠢᠨ᠎ᠠ᠃      ︽ᠤᠤᠯ ᠳᠠᠭᠠᠨ ᠵᠢᠭᠡᠯᠡᠯᠭᠡ ᠬᠦᠢᠴᠡᠳᠭᠡᠬᠦ ᠭᠠᠷ ᠬᠦᠢᠴᠡᠳᠭᠡᠯ ᠤᠯᠠᠨ ᠪᠠᠶᠢᠵᠤ᠂ ᠪᠠᠳᠤᠯᠠᠭᠴᠢ ᠡᠷᠢᠬᠦ ᠳᠤ ᠪᠠᠰᠠ ᠬᠦᠴᠢᠷ᠃ ᠭᠡᠪᠡᠴᠤ ᠲᠤᠰ ᠤᠳᠠᠭ᠎ᠠ ᠵᠢᠭᠡᠯᠡᠯᠭᠡ ᠶᠢ ᠰᠢᠯᠤᠭᠤᠬᠠᠨ ᠢᠶᠠᠷ ᠭᠤᠶᠤᠴᠢᠯᠠᠵᠤ ᠤᠯᠤᠭᠰᠠᠨ ᠢᠶᠠᠷ ᠪᠠᠷᠠᠬᠤ ᠦᠭᠡᠢ ᠪᠠᠳᠤᠯᠠᠭ᠎ᠠ ᠶᠢᠨ ᠭᠤᠭᠴᠤᠭ᠎ᠠ ᠶᠢ ᠦᠭᠡᠶᠢᠰᠭᠡᠪᠡ᠂ ᠵᠢᠭᠡᠯᠡᠯᠭᠡ ᠶᠢᠨ ᠲᠠᠯ᠎ᠠ ᠶᠢᠨ ᠲᠡᠮᠵᠢᠯᠭᠡ ᠠᠴᠠ ᠭᠠᠳᠠᠨ᠎ᠠ ᠵᠠᠰᠠᠭ ᠤᠨ ᠤᠷᠳᠤᠨ ᠠᠴᠠ ᠨᠠᠳᠠ ᠳᠤ ᠦᠢᠯᠡᠰ ᠪᠤᠰᠬᠠᠬᠤ ᠰᠠᠭᠤᠷᠢᠨ ᠭᠠᠵᠠᠷ ᠲᠤ ᠨᠢᠭᠡᠨ ᠠᠵᠢᠯᠯᠠᠬᠤ ᠲᠠᠰᠤᠭ ᠢ ᠬᠠᠩᠭᠠᠨ ᠦᠭᠴᠤ᠂ ᠭᠤᠷᠪᠠᠨ ᠵᠢᠯ ᠤᠨ ᠭᠡᠷ ᠤᠨ ᠲᠦᠷᠢᠶᠡᠰᠤ ᠪᠠ ᠤᠰᠤ ᠴᠠᠬᠢᠯᠭᠠᠨ ᠤ ᠰᠦᠢᠳᠭᠡᠯ ᠬᠤᠷᠢᠶᠠᠬᠤ ᠦᠭᠡᠢ ᠮᠦᠷᠳᠡᠬᠡᠨ ᠠᠯᠪᠠᠯᠠᠬᠤ ᠲᠦᠬᠦᠭᠡᠷᠤᠮᠵᠢ ᠲᠤᠬᠢᠷᠠᠭᠤᠯᠤᠨ ᠦᠭᠴᠠᠢ᠃ ᠤᠳᠤᠬᠠᠨ ᠤ ᠦᠢᠯᠡᠰ ᠪᠤᠰᠬᠠᠬᠤ ᠬᠠᠪᠰᠤᠷᠤᠨ ᠲᠡᠳᠬᠦᠬᠦ ᠲᠦᠷᠥ ᠶᠢᠨ ᠪᠤᠳᠤᠯᠭ᠎ᠠ ᠲᠦᠢᠯ ᠤᠨ ᠰᠠᠶᠢᠨ︾ ᠭᠡᠵᠤ 10 ᠲᠦᠮᠡᠨ ᠲᠦᠬᠦᠷᠢᠭ ᠤᠨ ᠵᠢᠭᠡᠯᠡᠯᠭᠡ ᠤᠯᠤᠭᠰᠠᠨ ᠵᠸᠥ ᠬᠠᠢ ᠲᠢᠩ ᠪᠠᠶᠠᠷᠯᠠᠬᠰᠠᠨ ᠰᠡᠳᠬᠢᠯᠭᠡ ᠪᠠᠨ ᠲᠠᠷᠤᠵᠤ ᠶᠠᠳᠠᠨ ᠬᠡᠯᠡᠨ᠎ᠡ᠃      ᠡᠮᠤᠨᠡᠳᠤ ᠬᠤᠰᠢᠭᠤᠨ ᠤ ᠬᠦᠮᠤᠨ ᠤ ᠬᠦᠴᠤᠨ ᠤ ᠡᠬᠢ ᠪᠠᠶᠠᠯᠢᠭ ᠪᠠ ᠠᠵᠢᠯ ᠤᠯᠭᠤᠬᠤ ᠦᠢᠯᠡᠴᠢᠯᠡᠭᠡᠨ ᠤ ᠲᠦᠪ ᠠᠴᠠ ︽ᠠᠵᠢᠯ ᠤᠯᠭᠤᠬᠤ ᠪᠠᠷ ᠦᠢᠯᠡᠰ ᠪᠤᠰᠬᠠᠬᠤ ᠶᠢ ᠤᠷᠮᠠᠰᠢᠭᠤᠯᠬᠤ᠂ ᠦᠢᠯᠡᠰ ᠪᠤᠰᠬᠠᠬᠤ ᠪᠠᠷ ᠠᠵᠢᠯ ᠤᠯᠭᠤᠯᠳᠠ ᠶᠢ ᠲᠠᠶᠢᠴᠢᠯᠠᠬᠤ︾ ᠶᠡᠷᠤᠩᠬᠡᠢ ᠰᠡᠳᠬᠢᠴᠠ ᠶᠢᠨ ᠲᠤᠭᠤᠷᠢᠨ ᠳᠤ᠂ ᠦᠢᠯᠡᠰ ᠪᠤᠰᠬᠠᠬᠤ ᠪᠤᠯᠪᠠᠰᠤᠷᠠᠯ ᠬᠦᠷᠳᠡᠭᠡᠬᠦ᠂ ᠪᠡᠯᠡ ᠮᠦᠩᠬᠦ ᠶᠢᠨ ᠲᠡᠮᠵᠢᠯᠭᠡ ᠶᠢ ᠨᠡᠮᠡᠭᠳᠡᠬᠦᠯᠬᠦ ᠵᠡᠷᠭᠡ ᠠᠷᠭ᠎ᠠ ᠠᠪᠴᠠᠯ ᠢᠶᠠᠷ ᠦᠢᠯᠡᠰ ᠪᠤᠰᠬᠠᠬᠤ ᠪᠠ ᠠᠵᠢᠯ ᠤᠯᠭᠤᠬᠤ ᠶᠢ ᠠᠬᠢᠭᠤᠯᠪᠠ᠃ ᠡᠬᠦᠨ ᠤ ᠬᠠᠮᠳᠤ᠂ ᠬᠡᠷᠡᠭᠵᠢᠬᠦᠯᠬᠦ ᠲᠤᠭᠳᠠᠴᠠ ᠶᠢᠨ ᠰᠢᠨ᠎ᠠ ᠶᠢ ᠡᠬᠦᠳᠤᠨ᠂ ᠬᠦᠢᠴᠡᠳᠭᠡᠬᠦ ᠦᠢᠯᠡᠴᠢᠯᠡᠭᠡ ᠪᠠᠨ ᠰᠢᠯᠢᠳᠡᠭᠵᠢᠬᠦᠯᠤᠭᠡᠳ᠂ ᠲᠤᠮᠳᠠ ᠪᠠᠭ᠎ᠠ ᠠᠵᠤ ᠠᠬᠤᠶᠢᠯᠠᠯ᠂ ᠬᠤᠪᠢ ᠶᠢᠨ ᠦᠢᠯᠡᠰ ᠪᠤᠰᠬᠠᠭᠴᠢ ᠵᠡᠷᠭᠡ ᠭᠤᠤᠯᠳᠠᠯᠭ᠎ᠠ ᠲᠠᠢ ᠤᠯᠠᠨ ᠲᠦᠮᠡᠨ ᠤ ᠪᠡᠯᠡ ᠮᠦᠩᠬᠦ ᠬᠡᠷᠡᠭᠯᠡᠬᠦ ᠠᠰᠠᠭᠤᠳᠠᠯ ᠢ ᠦᠨᠡᠨᠬᠦ ᠰᠶᠢᠳᠪᠤᠷᠢᠯᠡᠵᠤ ᠦᠭᠪᠡ᠃      2024 ᠤᠨ ᠳᠤ᠂ ᠡᠮᠤᠨᠡᠳᠤ ᠬᠤᠰᠢᠭᠤ ᠦᠢᠯᠡᠰ ᠪᠤᠰᠬᠠᠬᠤ ᠪᠠᠳᠤᠯᠠᠭ᠎ᠠ ᠶᠢᠨ ᠵᠢᠭᠡᠯᠡᠯᠭᠡ ᠶᠢ ᠨᠡᠶᠢᠳᠠ 16 ᠬᠤᠪᠢ ᠲᠠᠷᠬᠠᠭᠠᠵᠤ᠂ ᠶᠠᠷᠤᠩᠬᠡᠢ ᠦᠷᠳᠡᠭ ᠨᠢ 1155 ᠲᠦᠮᠡᠨ ᠲᠦᠬᠦᠷᠢᠭ ᠲᠤ ᠬᠦᠷᠴᠠᠢ᠃ ᠤᠯᠠᠨ ᠵᠢᠯ ᠤᠨ ᠲᠤᠷᠰᠢ ᠡᠮᠤᠨᠡᠳᠤ ᠬᠤᠰᠢᠭᠤ ︽ᠠᠵᠢᠯ ᠤᠯᠭᠤᠯᠳᠠ ᠶᠢ ᠲᠤᠭᠳᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠳᠤᠯᠠᠬᠤ᠂ ᠬᠦᠭᠵᠢᠯᠳᠠ ᠶᠢ ᠠᠬᠢᠭᠤᠯᠬᠤ︾ ᠠᠵᠢᠯ ᠤᠨ ᠭᠤᠤᠯ ᠱᠤᠭᠤᠮ ᠤᠨ ᠲᠤᠭᠤᠷᠢᠨ ᠳᠤ᠂ ᠠᠵᠢᠯ ᠤᠯᠭᠤᠬᠤ ᠶᠢ ᠲᠠᠷᠢᠬᠦᠨ ᠪᠠᠶᠢᠷᠢᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠢᠳᠡᠪᠬᠢᠳᠠᠢ ᠬᠡᠷᠡᠭᠵᠢᠬᠦᠯᠬᠦ ᠪᠠᠷ ᠲᠠᠮᠵᠢᠨ ︽ᠠᠵᠢᠯ ᠤᠯᠭᠤᠬᠤ ᠶᠢ ᠠᠬᠢᠭᠤᠯᠬᠤ ᠠᠵᠢᠯᠯᠠᠭ᠎ᠠ︾ ᠶᠢ ᠬᠦᠨᠵᠡᠭᠡᠢ ᠦᠷᠨᠢᠬᠦᠯᠵᠤ᠂ ᠪᠡᠭᠡᠵᠢᠩ ᠦᠪᠤᠷ ᠮᠤᠩᠭᠤᠯ ᠤᠨ ᠬᠠᠮᠵᠢᠯᠴᠠᠭ᠎ᠠ ᠪᠠ ︽ᠵᠡᠬᠦᠨ ᠬᠤᠶᠢᠳᠤ ᠶᠢᠨ ᠭᠤᠷᠪᠠᠨ ᠮᠤᠵᠢ ᠨᠢᠭᠡ ᠤᠷᠤᠨ︾ ᠤ ᠬᠦᠳᠡᠯᠮᠤᠷᠢ ᠬᠦᠴᠤᠨ ᠤ ᠬᠠᠮᠵᠢᠯᠴᠠᠭᠠᠨ ᠤ ᠬᠡᠯᠪᠡᠷᠢ ᠶᠢ ᠬᠡᠷᠡᠭᠵᠢᠬᠦᠯᠵᠤ᠂ ᠠᠵᠢᠯ ᠤᠯᠭᠤᠬᠤ ᠬᠡᠪᠴᠢᠶ᠎ᠠ ᠪᠠᠨ ᠲᠠᠰᠤᠷᠠᠯᠳᠠ ᠦᠭᠡᠢ ᠦᠷᠭᠡᠳᠭᠡᠵᠠᠢ᠃ ᠴᠤᠯᠮᠤᠨ ᠸᠠᠩ ᠢᠥᠢ ᠰᠡᠬᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号