ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠰᠢ ᠶᠢᠨ ᠫᠢᠩ ᠢ ᠤᠭᠲᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2025/4/15
          ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ 4 ᠰᠠᠷ᠎ᠠ ᠶᠢᠨ 14 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠨᠤᠢ ᠳᠤ ᠬᠦᠷᠴᠦ ᠸᠢᠶᠧᠲᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠪᠡ᠃ ᠲᠤᠰ ᠡᠳᠦᠷ ᠤᠨ ᠦᠳᠡ ᠶᠢᠨ ᠬᠤᠶᠢᠨ᠎ᠠ᠂ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠪᠠ᠃     ᠲᠦᠷᠪᠡᠨ ᠰᠠᠷ᠎ᠠ ᠶᠢᠨ ᠬᠠᠨᠤᠢ ᠳᠤ ᠤᠢ ᠮᠤᠳᠤ ᠬᠦᠭᠡᠷᠡᠨ ᠨᠣᠭᠤᠭᠠᠷᠠᠵᠤ᠂ ᠠᠮᠢᠵᠢᠷᠠᠯ ᠤᠨ ᠬᠦᠴᠤᠨ ᠢᠶᠠᠷ ᠪᠢᠯᠬᠠᠨ᠎ᠠ᠃ ᠲᠡᠷᠢᠭᠦᠯᠡᠭᠴᠢ ᠶᠢᠨ ᠤᠷᠳᠤᠨ ᠤ ᠠᠭᠤᠳᠠᠮ ᠲᠠᠯᠠᠪᠠᠢ ᠳᠤ ᠲᠠᠪᠤᠨ ᠣᠳᠣᠲᠤ ᠤᠯᠠᠭᠠᠨ ᠲᠤᠭ ᠪᠠ ᠠᠯᠳᠠᠨ ᠣᠳᠣᠲᠤ ᠣᠳᠣᠲᠤ ᠤᠯᠠᠭᠠᠨ ᠲᠤᠭ ᠰᠠᠯᠬᠢᠨ ᠤ ᠠᠶ᠎ᠠ ᠪᠠᠷ ᠨᠠᠮᠢᠷᠠᠵᠤ᠂ ᠸᠢᠶᠧᠲᠨᠠᠮ ᠤᠨ 200 ᠭᠠᠷᠤᠢ ᠪᠠᠭᠠᠴᠤᠳ ᠬᠡᠦᠬᠡᠳ ᠲᠤᠭ ᠲᠠᠯᠪᠠᠭ᠎ᠠ ᠬᠤᠷᠦ᠋ᠢᠯᠠᠵᠤ᠂ ᠰᠢ ᠶᠢᠨ ᠫᠢᠩ ᠤᠨ ᠠᠶᠢᠯᠴᠢᠯᠠᠬᠤ ᠪᠠᠷ ᠢᠷᠡᠭᠰᠡᠨ ᠢ ᠬᠠᠯᠠᠭᠤᠨ ᠢᠶᠠᠷ ᠤᠭᠳᠤᠪᠠ᠃ 
J1U(MK9LK)[_AFQVRABUWQL_tmb.jpg
     4 ᠰᠠᠷ᠎ᠠ ᠶᠢᠨ 14 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠨᠤᠢ ᠳᠤ ᠬᠦᠷᠴᠦ ᠸᠢᠶᠧᠲᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠪᠡ᠃ ᠲᠤᠰ ᠡᠳᠦᠷ ᠤᠨ ᠦᠳᠡ ᠶᠢᠨ ᠬᠤᠶᠢᠨ᠎ᠠ᠂ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠪᠠ᠃ ᠵᠢᠷᠤᠭ ᠪᠣᠯ ᠰᠢ ᠶᠢᠨ ᠫᠢᠩ ᠰᠦ᠋ ᠯᠢᠨ ᠤ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠵᠦ ᠪᠠᠶᠢᠭ᠎ᠠ ᠨᠢ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ     ᠰᠢ ᠶᠢᠨ ᠫᠢᠩ ᠲᠡᠷᠭᠡ ᠪᠠᠷ ᠬᠦᠷᠬᠦ ᠦᠶ᠎ᠡ ᠳᠤ ᠰᠦ᠋ ᠯᠢᠨ ᠲᠡᠷᠭᠡᠨ ᠠᠴᠠ ᠪᠠᠭᠤᠬᠤ ᠭᠠᠵᠠᠷ ᠲᠤ ᠬᠠᠯᠠᠭᠤᠨ ᠢᠶᠠᠷ ᠤᠭᠲᠤᠨ ᠠᠪᠴᠤ᠂ ᠸᠢᠶᠧᠲᠨᠠᠮ ᠤᠨ ᠪᠠᠭᠠᠴᠤᠳ ᠬᠡᠦᠬᠡᠳ ᠰᠢ ᠶᠢᠨ ᠫᠢᠩ ᠳᠤ ᠰᠣᠷᠭᠤᠭ ᠴᠡᠴᠡᠭ ᠬᠦᠷᠭᠡᠪᠡ᠃ ᠰᠢ ᠶᠢᠨ ᠫᠢᠩ ᠰᠦ᠋ ᠯᠢᠨ ᠲᠠᠢ ᠬᠠᠮᠲᠤ ᠰᠢᠯᠭᠠᠨ ᠦᠵᠡᠬᠦ ᠲᠠᠶᠢᠰᠠᠨ ᠳᠤ ᠭᠠᠷᠪᠠ᠃ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠸᠢᠶᠧᠲᠨᠠᠮ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠶᠣᠰᠣᠯᠠᠯ ᠤᠨ ᠫᠤᠤ ᠶᠢ 21 ᠳᠤᠤᠭᠠᠷᠭᠠᠪᠠ᠃ ᠰᠢ ᠶᠢᠨ ᠫᠢᠩ ᠰᠦ᠋ ᠯᠢᠨ ᠤ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠪᠡ᠃ ᠬᠤᠶᠠᠷ ᠨᠠᠮ ᠤᠨ ᠶᠡᠷᠦᠩᠬᠡᠢ ᠱᠦᠵᠢ ᠲᠤᠰ ᠲᠤᠰ ᠨᠦᠭᠦᠭᠡ ᠲᠠᠯ᠎ᠠ ᠶᠢᠨ ᠪᠠᠷ᠎ᠠ ᠪᠣᠯᠣᠭᠰᠠᠳ ᠲᠠᠢ ᠭᠠᠷ ᠠᠳᠬᠤᠨ ᠮᠡᠨᠳᠦᠴᠢᠯᠡᠵᠦ᠂ ᠳᠠᠷᠠᠭ᠎ᠠ ᠨᠢ ᠬᠠᠮᠲᠤ ᠪᠠᠷ ᠵᠢᠭᠰᠠᠭᠠᠯ ᠢ ᠰᠣᠨᠢᠷᠬᠠᠪᠠ᠃     ᠤᠭᠲᠤᠬᠤ ᠶᠣᠰᠣᠯᠠᠯ ᠤᠨ ᠳᠠᠷᠠᠭ᠎ᠠ ᠰᠢ ᠶᠢᠨ ᠫᠢᠩ ᠪᠣᠯᠣᠨ ᠰᠦ᠋ ᠯᠢᠨ ᠬᠠᠮᠲᠤ ᠪᠠᠷ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠬᠦᠷᠴᠦ ᠬᠡᠯᠡᠯᠴᠡᠭᠡ ᠬᠢᠪᠡ᠃ ᠵᠠᠮ ᠳᠠᠭᠠᠤ ᠸᠢᠶᠧᠲᠨᠠᠮ ᠤᠨ ᠬᠡᠳᠦᠨ ᠵᠠᠭᠤᠨ ᠠᠷᠠᠳ ᠲᠦᠮᠡᠨ ᠬᠤᠶᠠᠷ ᠨᠠᠮ ᠬᠤᠶᠠᠷ ᠤᠯᠤᠰ ᠤᠨ ᠲᠤᠭ ᠢ ᠬᠤᠷᠦ᠋ᠢᠯᠠᠵᠤ᠂ ᠰᠢ ᠶᠢᠨ ᠫᠢᠩ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ ᠤᠭᠲᠤᠬᠤ ᠪᠠᠷ ᠢᠷᠡᠭᠰᠡᠨ ᠤᠯᠠᠨ ᠤ ᠵᠦᠭ ᠭᠠᠷ ᠳᠠᠯᠠᠯᠤᠨ ᠮᠡᠨᠳᠦᠴᠢᠯᠡᠪᠡ᠃     ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠣᠷᠣᠯᠴᠠᠵᠠᠢ᠃       
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号