| ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ 4 ᠰᠠᠷ᠎ᠠ ᠶᠢᠨ 14 ᠤ | ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ | ᠭᠠᠵᠠᠷ ᠲᠤ ᠸᠢᠶᠧᠲᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠲᠠᠢ ᠠᠭᠤᠯᠵᠠᠪᠠ᠃ | ᠰᠢ ᠶᠢᠨ ᠫᠢᠩ᠂ ᠸᠢᠶᠧᠲᠨᠠᠮ ᠤᠨ ᠨᠠᠮ ᠪᠣᠯᠣᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ | ᠸᠢᠶᠧᠲᠨᠠᠮ ᠤᠨ ᠤᠯᠤᠰ ᠲᠦᠷᠦ ᠨᠡᠶᠢᠭᠡᠮ ᠲᠣᠭᠲᠠᠭᠤᠨ ᠪᠠᠶᠢᠵᠤ᠂ ᠰᠢᠨᠡᠴᠢᠯᠡᠯᠲᠡ ᠶᠢᠨ ᠦᠢᠯᠡᠰ ᠪᠠᠶᠠᠷᠯᠠᠭᠤᠰᠢᠲᠠᠢ | ᠠᠮᠵᠢᠯᠲᠠ ᠣᠯᠵᠤ᠂ ᠳᠡᠯᠡᠬᠡᠢ ᠳᠠᠬᠢ ᠪᠠᠶᠢᠷᠢ ᠰᠠᠭᠤᠷᠢ ᠡᠳᠦᠷ ᠢᠷᠡᠬᠦᠶ᠎ᠡ ᠳᠡᠭᠡᠭᠰᠢᠯᠡᠵᠦ ᠪᠠᠶᠢᠭ᠎ᠠ ᠳᠤ ᠳᠤᠮᠳᠠᠳᠤ ᠶᠢᠨ | ᠲᠠᠯ᠎ᠠ ᠶᠢᠨ ᠬᠢᠨ ᠪᠠᠶᠠᠷ ᠲᠠᠢ ᠪᠠᠶᠢᠨ᠎ᠠ᠃ ᠳᠤᠮᠳᠠᠳᠤ ᠸᠢᠶᠧᠲᠨᠠᠮ ᠴᠥᠮ ᠦᠨᠳᠦᠰᠦᠲᠡᠨ ᠤ ᠬᠥᠭᠵᠢᠯ ᠮᠠᠨᠳᠤᠯ ᠢ ᠪᠡᠶᠡᠯᠡᠭᠦᠯᠬᠦ᠂ | ᠤᠯᠤᠰ ᠤᠨ ᠬᠥᠭᠵᠢᠯᠲᠡ ᠪᠠᠨ ᠲᠦᠷᠭᠡᠳᠬᠡᠬᠦ ᠲᠡᠦᠬᠡᠲᠦ ᠡᠭᠦᠷᠭᠡ ᠶᠢ ᠡᠭᠦᠷᠭᠡᠯᠡᠵᠦ ᠪᠠᠶᠢᠨ᠎ᠠ᠂ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠲᠤᠰ ᠲᠤᠰ ᠤᠨ ᠢᠶᠠᠨ ᠣᠳᠣᠬᠢᠴᠢᠯᠠᠯᠲᠠ ᠶᠢᠨ ᠠᠬᠢᠴᠠ ᠳᠤ ᠦᠢᠯᠡᠴᠢᠯᠡᠵᠦ᠂ | ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠬᠦᠷᠲᠡᠭᠡᠶ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ | ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠤᠯᠤᠰ ᠲᠦᠷᠦ ᠶᠢᠨ | ᠦᠨᠳᠦᠰᠦ ᠰᠠᠭᠤᠷᠢ ᠶᠢ ᠪᠠᠬᠢᠵᠢᠭᠦᠯᠦᠶ᠎ᠡ᠃ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ᠂ ᠪᠠᠶᠢᠯᠳᠤᠬᠤ | ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ ᠡᠵᠡᠷᠬᠡᠬᠦ ᠦᠵᠡᠯ᠂ ᠭᠠᠭᠴᠠ ᠲᠠᠯᠠᠲᠤ ᠦᠵᠡᠯ᠂ ᠬᠠᠮᠠᠭᠠᠯᠠᠬᠤ | ᠦᠵᠡᠯ ᠢ ᠬᠠᠮᠲᠤ ᠪᠠᠷ ᠡᠰᠡᠷᠭᠦᠴᠡᠵᠦ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ | ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠵᠤ᠂ ᠠᠽᠢᠶ᠎ᠠ ᠲᠢᠪ | ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ ᠢ ᠬᠠᠮᠠᠭᠠᠯᠠᠶ᠎ᠠ᠃ | ᠬᠤᠶᠠᠷ ᠲᠠᠯ᠎ᠠ ᠪᠠᠷ ᠢᠶᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠤᠶᠠᠷ ᠤᠯᠤᠰ ᠤᠨ ᠭᠠᠷ ᠬᠤᠯᠪᠣᠨ | ᠣᠳᠣᠬᠢᠴᠢᠯᠠᠯᠲᠠ ᠲᠡᠶᠢᠰᠢ ᠤᠷᠤᠭᠰᠢᠯᠠᠬᠤ ᠳᠤ ᠪᠠᠲᠤ ᠴᠢᠩᠭ᠎ᠠ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠶ᠎ᠠ᠃ | ᠳᠤᠮᠳᠠᠳᠤ ᠸᠢᠶᠧᠲᠨᠠᠮ ᠤᠨ ᠡᠬᠡ ᠬᠠᠭᠤᠷᠠᠢ ᠳᠠᠯᠠᠢ ᠲᠠᠩᠭᠢᠰ ᠵᠠᠯᠭᠠᠯᠳᠤᠭᠰᠠᠨ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠠᠵᠤ ᠦᠢᠯᠡᠰ ᠤᠨ | ᠬᠠᠮᠲᠤᠷᠠᠯᠴᠠᠭᠠᠨ ᠤ ᠳᠠᠯᠳᠠ ᠬᠦᠴᠦᠨ ᠢ ᠭᠦᠨ ᠠᠭᠤᠳᠠᠯᠤᠶ᠎ᠠ᠃ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠬᠠᠮᠲᠤᠷᠠᠯᠴᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ ᠲᠦᠪᠰᠢᠨ ᠢ | ᠳᠡᠭᠡᠭᠰᠢᠯᠡᠭᠦᠯᠵᠦ᠂ ᠠᠷᠠᠯᠵᠢᠶᠠᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠶ᠎ᠠ᠃ ᠠᠷᠠᠯᠵᠢᠶ᠎ᠠ᠂ ᠪᠡᠯᠡ ᠣᠷᠣᠭᠤᠯᠤᠯᠲᠠ ᠵᠡᠷᠭᠡ | ᠤᠯᠠᠮᠵᠢᠯᠠᠯᠲᠤ ᠬᠦᠷᠢᠶᠡᠨ ᠳᠠᠬᠢ ᠬᠠᠮᠲᠤᠷᠠᠯᠴᠠᠭ᠎ᠠ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ 5G᠂ ᠵᠣᠬᠢᠶᠠᠮᠠᠯ ᠤᠶᠤᠨ | ᠴᠢᠳᠠᠪᠤᠷᠢ᠂ ᠴᠡᠪᠡᠷ ᠡᠨᠧᠷᠭᠢ᠂ ᠲᠣᠭᠠᠴᠢᠯᠠᠭᠰᠠᠨ ᠠᠵᠤ ᠠᠬᠤᠢ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ | ᠬᠠᠮᠲᠤᠷᠠᠯᠴᠠᠭ᠎ᠠ ᠪᠠᠨ ᠥᠷᠭᠡᠳᠬᠡᠶ᠎ᠡ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ ᠬᠠᠮᠠᠭᠠᠯᠠᠵᠤ᠂ ᠠᠵᠤ | ᠠᠬᠤᠢ ᠶᠢᠨ ᠳᠡᠯᠡᠬᠡᠶᠢᠵᠢᠯᠲᠡ ᠶᠢᠨ ᠨᠡᠩ ᠨᠡᠭᠡᠭᠡᠯᠲᠡᠲᠡᠢ᠂ ᠪᠠᠭᠲᠠᠭᠠᠮᠵᠢᠲᠠᠢ᠂ ᠲᠦᠭᠡᠮᠡᠯ ᠬᠠᠷᠠᠭᠠᠯᠵᠠᠯᠲᠤ᠂ ᠲᠡᠩᠴᠡᠭᠦᠷᠢᠲᠡᠢ | ᠴᠢᠭᠯᠡᠯ ᠲᠡᠶᠢᠰᠢ ᠬᠥᠭᠵᠢᠬᠦ ᠶᠢ ᠬᠠᠮᠲᠤ ᠪᠠᠷ ᠠᠬᠢᠭᠤᠯᠤᠶ᠎ᠠ᠃ | ᠬᠤᠶᠠᠷ ᠲᠠᠯ᠎ᠠ ᠪᠠᠷ ᠢᠶᠠᠨ ᠰᠣᠶᠣᠯ ᠢᠷᠭᠡᠨᠰᠢᠯ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ | ᠸᠢᠶᠧᠲᠨᠠᠮ ᠤᠨ ᠨᠥᠬᠦᠷᠯᠡᠯ ᠤᠨ ᠭᠤᠣᠯ ᠭᠦᠭ ᠠᠶᠠᠰ ᠢ ᠴᠢᠪᠬᠠᠳᠠᠶ᠎ᠠ᠃ ᠳᠤᠮᠳᠠᠳᠤ ᠸᠢᠶᠧᠲᠨᠠᠮ ᠤᠨ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢ ᠪᠡᠯᠭᠡᠯᠡᠬᠦ ᠵᠢᠴᠢ ︽ᠳᠤᠮᠳᠠᠳᠤ ᠸᠢᠶᠧᠲᠨᠠᠮ ᠤᠨ ᠰᠣᠶᠣᠯ | ᠢᠷᠭᠡᠨᠰᠢᠯ ᠤᠨ ᠰᠣᠯᠢᠯᠴᠠᠭᠠᠨ ᠤ ᠣᠨ︾ ᠤ ᠰᠢᠷᠢᠰ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠳᠤᠮᠳᠠᠳᠤ ᠸᠢᠶᠧᠲᠨᠠᠮ ᠤᠨ | ᠨᠥᠬᠦᠷᠯᠡᠯ ᠤᠨ ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠬᠤ ᠪᠠᠷ ᠪᠠᠷᠠᠬᠤ ᠦᠭᠡᠢ ᠬᠤᠶᠠᠷ ᠤᠯᠤᠰ ᠤᠨ ᠬᠠᠷᠢᠯᠴᠠᠨ | ᠠᠰᠢᠭᠲᠠᠢ ᠬᠠᠮᠲᠤᠷᠠᠯᠴᠠᠭ᠎ᠠ᠂ ᠭᠠᠷ ᠬᠤᠯᠪᠣᠨ ᠣᠳᠣᠬᠢᠴᠢᠯᠠᠯᠲᠠ ᠲᠡᠶᠢᠰᠢ ᠤᠷᠤᠭᠰᠢᠯᠠᠭᠰᠠᠨ ᠦᠯᠢᠭᠡᠷ ᠢ ᠴᠦ ᠰᠠᠶᠢᠲᠤᠷ | ᠶᠠᠷᠢᠶ᠎ᠠ᠃ ᠠᠷᠠᠳ ᠤᠨ ᠰᠡᠳᠬᠢᠯ ᠢ ᠣᠯᠬᠤ᠂ ᠠᠷᠠᠳ ᠤᠨ ᠰᠠᠨᠠᠭ᠎ᠠ ᠶᠢ ᠳᠠᠭᠠᠬᠤ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ ᠨᠠᠩ ᠣᠯᠠᠨ ᠲᠥᠷᠥᠯ ᠵᠦᠢᠯ ᠢ ᠬᠡᠷᠡᠭᠵᠢᠭᠦᠯᠦᠶ᠎ᠡ ᠭᠡᠵᠦ ᠴᠢᠬᠤᠯᠠᠴᠢᠯᠠᠪᠠ᠃ | ᠹᠠᠨ ᠮᠢᠩ ᠵᠧᠩ᠂ ᠲᠡᠷᠢᠭᠦᠯᠡᠭᠴᠢ ᠰᠢ ᠶᠢᠨ ᠫᠢᠩ ᠤᠨ ᠸᠢᠶᠧᠲᠨᠠᠮ ᠳᠠᠬᠢ ᠲᠦᠷᠦ ᠶᠢᠨ ᠶᠠᠪᠤᠳᠠᠯ ᠤᠨ | ᠠᠶᠢᠯᠴᠢᠯᠠᠯᠲᠠ ᠪᠣᠯ ᠬᠤᠶᠠᠷ ᠤᠯᠤᠰ ᠤᠨ ᠡᠨᠡ ᠵᠢᠯ ᠤᠨ ᠬᠠᠮᠤᠭ ᠤᠨ ᠴᠢᠬᠤᠯᠠ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ | ᠮᠥᠨ᠂ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠳᠠᠬᠢ ᠶᠡᠭᠡ ᠶᠠᠪᠤᠳᠠᠯ ᠪᠠᠶᠠᠷᠲᠤ ᠶᠠᠪᠤᠳᠠᠯ ᠪᠠᠶᠢᠵᠤ᠂ ᠲᠡᠦᠬᠡᠲᠦ ᠴᠢᠨᠠᠷᠲᠠᠢ | ᠠᠴᠢ ᠬᠤᠯᠪᠣᠭᠳᠠᠯ ᠲᠠᠢ ᠶᠤᠮ᠃ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ | ᠬᠥᠲᠥᠯᠥᠨ ᠳᠠᠭᠠᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠨᠢ | ᠯᠠᠪᠲᠠᠢ ᠶᠤᠮ ᠭᠡᠵᠦ ᠢᠯᠡᠳᠬᠡᠪᠡ᠃ | ᠹᠠᠨ ᠮᠢᠩ ᠵᠧᠩ᠂ ᠲᠡᠷᠢᠭᠦᠯᠡᠭᠴᠢ ᠰᠢ ᠶᠢᠨ ᠫᠢᠩ 2023 ᠣᠨ ᠳᠤ ᠸᠢᠶᠧᠲᠨᠠᠮ ᠳᠤ ᠠᠶᠢᠯᠴᠢᠯᠠᠯᠲᠠ | ᠬᠢᠭᠰᠡᠨ ᠠᠴᠠ ᠨᠠᠭᠠᠰᠢ ᠬᠤᠶᠠᠷ ᠤᠯᠤᠰ ᠤᠨ ᠬᠠᠷᠢᠯᠴᠠᠭᠠᠨ ᠤ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠤᠯᠠᠮ ᠨᠢᠭᠡ | ᠠᠯᠬᠤᠮ ᠴᠢᠩᠭᠠᠷᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠴᠢᠬᠤᠯᠠ ᠶᠡᠭᠡ ᠠᠬᠢᠴᠠ ᠲᠠᠢ ᠪᠣᠯᠵᠤ᠂ ᠠᠷᠠᠳ | ᠲᠦᠮᠡᠨ ᠤ ᠨᠥᠭᠦᠷᠰᠡᠭ ᠬᠠᠶᠢᠷ᠎ᠠ ᠰᠡᠳᠬᠢᠯᠭᠡ ᠡᠳᠦᠷ ᠢᠷᠡᠬᠦᠶ᠎ᠡ ᠭᠦᠨᠵᠡᠭᠡᠶᠢᠷᠡᠪᠡ᠃ ᠸᠢᠶᠧᠲᠨᠠᠮ ᠤᠨ ᠬᠢᠨ ᠳᠤᠮᠳᠠᠳᠤ | ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠯᠳᠤᠬᠤ ᠪᠣᠳᠣᠯᠭ᠎ᠠ ᠶᠢᠨ ᠠᠴᠢ | ᠬᠤᠯᠪᠣᠭᠳᠠᠯ ᠪᠦᠬᠦᠢ ᠸᠢᠶᠧᠲᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠡᠷᠡᠰ | ᠠᠬᠢᠭᠤᠯᠬᠤ ᠪᠠᠷ ᠵᠣᠷᠢᠭ ᠰᠢᠭᠤᠳᠴᠤ ᠪᠠᠶᠢᠨ᠎ᠠ᠃ ᠸᠢᠶᠧᠲᠨᠠᠮ ᠤᠨ ᠬᠢᠨ ᠳᠤᠮᠳᠠᠳᠤ ᠤᠯᠤᠰ ᠤᠨ ᠣᠯᠣᠭᠰᠠᠨ ᠯᠤᠲᠤ ᠶᠡᠭᠡ | ᠬᠥᠭᠵᠢᠯᠲᠡ ᠶᠢᠨ ᠠᠮᠵᠢᠯᠲᠠ ᠪᠦᠲᠦᠮᠵᠢ ᠳᠤ ᠴᠢᠩ ᠰᠡᠳᠬᠢᠯ ᠠᠴᠠ ᠪᠠᠨ ᠪᠠᠶᠠᠷ ᠬᠦᠷᠭᠡᠵᠦ ᠪᠠᠶᠢᠨ᠎ᠠ᠂ ᠳᠤᠮᠳᠠᠳᠤ ᠤᠯᠤᠰ ᠤᠨ | ᠦᠷᠭᠦᠯᠵᠢᠯᠡᠨ ᠬᠥᠭᠵᠢᠨ ᠪᠤᠵᠠᠭᠠᠶᠢᠷᠠᠬᠤ ᠶᠢ ᠳᠡᠮᠵᠢᠵᠦ ᠪᠠᠶᠢᠨ᠎ᠠ᠃ ᠳᠤᠮᠳᠠᠳᠤ ᠤᠯᠤᠰ ᠤᠨ ᠨᠠᠮ ᠢ ᠵᠠᠰᠠᠬᠤ ᠲᠦᠷᠦ ᠶᠢ | ᠵᠠᠰᠠᠬᠤ ᠲᠤᠷᠰᠢᠯᠭ᠎ᠠ ᠶᠢ ᠰᠤᠷᠤᠯᠴᠠᠵᠤ᠂ ᠳᠤᠮᠳᠠᠳᠤ ᠤᠯᠤᠰ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ | ᠵᠣᠷᠢᠭ ᠰᠠᠨᠠᠭ᠎ᠠ ᠶᠢ ᠰᠤᠷᠤᠯᠴᠠᠵᠤ᠂ ᠳᠤᠮᠳᠠᠳᠤ ᠤᠯᠤᠰ ᠤᠨ ᠬᠥᠭᠵᠢᠯᠲᠡ ᠶᠢᠨ ᠣᠶᠢᠯᠠᠭᠠᠭᠳᠠᠬᠤᠨ ᠤ ᠵᠠᠭᠪᠤᠷ ᠢ | ᠰᠤᠷᠤᠯᠴᠠᠬᠤ ᠶᠢ ᠬᠦᠰᠡᠵᠦ ᠪᠠᠶᠢᠨ᠎ᠠ᠃ ᠸᠢᠶᠧᠲᠨᠠᠮ ᠤᠨ ᠬᠢᠨ ᠳᠤᠮᠳᠠᠳᠤ ᠤᠯᠤᠰ ᠯᠤᠭ᠎ᠠ ᠠᠵᠤ ᠠᠬᠤᠢ ᠠᠷᠠᠯᠵᠢᠶᠠᠨ ᠤ ᠪᠡᠯᠡ | ᠣᠷᠣᠭᠤᠯᠤᠯᠲᠠ᠂ ᠬᠤᠯᠪᠣᠯᠳᠤᠨ ᠨᠡᠪᠲᠡᠷᠡᠯᠴᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠮᠥᠩᠭᠦᠨ ᠭᠦᠢᠯᠭᠡᠭᠡᠨ ᠵᠡᠷᠭᠡ | ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠠᠬᠤᠢ ᠶᠢᠨ ᠠᠮᠢᠵᠢᠷᠠᠯ ᠤᠨ ᠬᠦᠴᠦᠨ ᠪᠣᠯᠣᠨ ᠨᠡᠮᠡᠭᠳᠡᠯ ᠤᠨ | ᠬᠥᠳᠡᠯᠭᠡᠬᠦ ᠬᠦᠴᠦᠨ ᠢᠶᠠᠨ ᠳᠡᠭᠡᠭᠰᠢᠯᠡᠭᠦᠯᠵᠦ᠂ ᠠᠶᠤᠯ ᠲᠦᠭᠰᠢᠭᠦᠷᠢ ᠪᠠ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠬᠤ ᠶᠢ | ᠬᠦᠰᠡᠵᠦ ᠪᠠᠶᠢᠨ᠎ᠠ᠃ ︽ᠸᠢᠶᠧᠲᠨᠠᠮ ᠳᠤᠮᠳᠠᠳᠤ ᠶᠢᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠤ ᠠᠵᠢᠯᠯᠠᠭ᠎ᠠ ᠶᠢ | ᠰᠠᠶᠢᠲᠤᠷ ᠡᠷᠭᠢᠯᠡᠵᠦ᠂ ᠬᠥᠮᠥᠰ ᠤᠨ ᠶᠠᠪᠤᠯᠴᠠᠭ᠎ᠠ ᠪᠣᠯᠣᠨ ᠣᠷᠣᠨ ᠨᠤᠲᠤᠭ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ | ᠠᠷᠠᠳ ᠲᠦᠮᠡᠨ ᠤ ᠨᠥᠭᠦᠷᠰᠡᠭ ᠬᠠᠶᠢᠷ᠎ᠠ ᠰᠡᠳᠬᠢᠯᠭᠡ ᠶᠢ ᠨᠡᠮᠡᠭᠳᠡᠭᠦᠯᠬᠦ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠯᠤᠭ᠎ᠠ | ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠬᠠᠮᠵᠢᠯᠴᠠᠭ᠎ᠠ ᠪᠠᠨ ᠴᠢᠩᠭᠠᠳᠬᠠᠵᠤ᠂ ᠨᠠᠷᠢᠨ ᠪᠤᠳᠤᠯᠢᠶᠠᠨᠲᠠᠢ | ᠬᠤᠪᠢᠷᠠᠯᠲᠠ ᠶᠡᠬᠡᠲᠡᠢ ᠳᠡᠯᠡᠬᠡᠢ ᠶᠢᠨ ᠴᠠᠭ ᠤᠨ ᠪᠠᠶᠢᠳᠠᠯ ᠳᠣᠣᠷ᠎ᠠ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ | ᠪᠠᠲᠤᠯᠠᠵᠤ᠂ ᠤᠯᠠᠨ ᠲᠠᠯᠠᠲᠤ ᠦᠵᠡᠯ ᠪᠣᠯᠣᠨ ᠳᠡᠯᠡᠬᠡᠢ ᠶᠢᠨ ᠡᠮᠬᠢ ᠳᠢᠭᠯᠢᠮ ᠢ ᠬᠠᠮᠲᠤ ᠪᠠᠷ ᠬᠠᠮᠠᠭᠠᠯᠠᠬᠤ ᠶᠢ ᠬᠦᠰᠡᠵᠦ | ᠪᠠᠶᠢᠨ᠎ᠠ ᠭᠡᠵᠦ ᠢᠯᠡᠳᠬᠡᠪᠡ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠣᠷᠣᠯᠴᠠᠵᠠᠢ᠃ | |