ᠰᠢ ᠶᠢᠨ ᠫᠢᠩ ᠸᠢᠶᠧᠲᠨᠠᠮ ᠤᠨ ᠤᠯᠤᠰ ᠤᠨ ᠬᠤᠷᠠᠯ ᠤᠨ ᠲᠡᠷᠢᠭᠦᠯᠡᠭᠴᠢ ᠴᠧᠨ ᠴᠢᠩ ᠮᠢᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2025/4/15
          ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ 4 ᠰᠠᠷ᠎ᠠ ᠶᠢᠨ 14 ᠤ ᠣᠷᠣᠢ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠲᠨᠠᠮ ᠤᠨ ᠤᠯᠤᠰ ᠤᠨ ᠬᠤᠷᠠᠯ ᠤᠨ ᠲᠡᠷᠢᠭᠦᠯᠡᠭᠴᠢ ᠴᠧᠨ ᠴᠢᠩ ᠮᠢᠨ ᠲᠠᠢ ᠠᠭᠤᠯᠵᠠᠪᠠ᠃       ᠰᠢ ᠶᠢᠨ ᠫᠢᠩ᠂ ᠸᠢᠶᠧᠲᠨᠠᠮ ᠳᠤ ᠳᠠᠬᠢᠨᠲᠠ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠳᠡᠭᠡᠨ᠂ ᠸᠢᠶᠧᠲᠨᠠᠮ ᠤᠨ ᠰᠢᠨᠡᠴᠢᠯᠡᠯᠲᠡ ᠶᠢᠨ ᠦᠢᠯᠡᠰ ᠤᠨ ᠣᠯᠣᠭᠰᠠᠨ ᠰᠢᠨ᠎ᠡ ᠠᠮᠵᠢᠯᠲᠠ ᠪᠦᠳᠦᠮᠵᠢ ᠶᠢ ᠨᠢᠳᠦ ᠪᠠᠷ ᠢᠶᠠᠨ ᠭᠡᠷᠡᠴᠢᠯᠡᠵᠦ᠂ ᠳᠤᠮᠳᠠᠳᠤ ᠸᠢᠶᠧᠲᠨᠠᠮ ᠤᠨ ᠨᠥᠬᠦᠷᠯᠡᠯ ᠤᠨ ᠭᠦᠨ ᠵᠤᠵᠠᠭᠠᠨ ᠰᠠᠭᠤᠷᠢ ᠶᠢ ᠪᠡᠶ᠎ᠡ ᠪᠠᠷ ᠢᠶᠠᠨ ᠮᠡᠳᠡᠷᠡᠵᠦ ᠣᠯᠪᠠ ᠃ ᠣᠳᠣᠬᠠᠨ ᠳᠤ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠤᠭ᠎ᠠ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠂ ᠸᠢᠶᠧᠲᠨᠠᠮ ᠤᠳᠠᠯ ᠦᠭᠡᠢ ᠦᠨᠳᠦᠰᠦᠲᠡᠨ ᠤ ᠬᠥᠭᠵᠢᠯᠲᠡ ᠶᠢᠨ ᠰᠢᠨ᠎ᠡ ᠡᠷᠡᠨ ᠢ ᠡᠬᠢᠯᠡᠭᠦᠯᠦᠨ᠎ᠡ᠂ ᠬᠤᠶᠠᠷ ᠲᠠᠯ᠎ᠠ ᠪᠠᠷ ᠢᠶᠠᠨ ᠴᠥᠮ ᠥᠪᠡᠷ ᠥᠪᠡᠷ ᠤᠨ ᠬᠥᠭᠵᠢᠯ ᠮᠠᠨᠳᠤᠯ ᠤᠨ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠃ ᠤᠷᠪᠠᠭᠠᠨ ᠬᠥᠷᠪᠡᠭᠡᠨ ᠲᠠᠢ ᠳᠡᠯᠡᠬᠡᠢ ᠶᠢᠨ ᠴᠠᠭ ᠤᠨ ᠪᠠᠶᠢᠳᠠᠯ ᠤᠨ ᠡᠮᠦᠨ᠎ᠡ᠂ ᠳᠤᠮᠳᠠᠳᠤ ᠸᠢᠶᠧᠲᠨᠠᠮ ᠬᠤᠶᠠᠷ ᠤᠯᠤᠰ ᠵᠠᠮ ᠤᠨ ᠢᠲᠡᠭᠡᠯ ᠪᠣᠯᠣᠨ ᠪᠠᠶᠢᠭᠤᠯᠤᠯ ᠤᠨ ᠢᠲᠡᠭᠡᠯ ᠢᠶᠠᠨ ᠪᠠᠲᠤᠳᠬᠠᠵᠤ᠂ ᠪᠦᠯᠬᠦᠮᠳᠡᠨ ᠬᠠᠮᠵᠢᠯᠴᠠᠬᠤ ᠪᠠᠨ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠠᠷ ᠬᠤᠯᠪᠣᠨ ᠣᠳᠣᠬᠢᠴᠢᠯᠠᠯᠲᠠ ᠲᠡᠶᠢᠰᠢ ᠤᠷᠤᠭᠰᠢᠯᠠᠵᠤ᠂ ᠳᠡᠯᠡᠬᠡᠢ ᠳ᠋ᠠᠬᠢᠨ ᠳᠤ ᠨᠡᠩ ᠤᠯᠠᠨ ᠲᠣᠬᠲᠠᠭᠠᠯᠳᠤ ᠴᠢᠨᠠᠷ ᠪᠣᠯᠣᠨ ᠢᠳᠡᠪᠬᠢ ᠬᠦᠴᠦᠨ ᠨᠡᠮᠡᠷᠢᠯᠡᠶ᠎ᠡ ᠭᠡᠵᠦ ᠵᠢᠭᠠᠵᠤ ᠭᠠᠷᠭᠠᠪᠠ᠃       ᠰᠢ ᠶᠢᠨ ᠫᠢᠩ᠂ ᠳᠤᠮᠳᠠᠳᠤ ᠸᠢᠶᠧᠲᠨᠠᠮ ᠪᠣᠯ ᠴᠥᠮ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ ᠤᠯᠤᠰ ᠮᠥᠨ᠂ ᠤᠯᠤᠰ ᠲᠥᠷᠥ ᠶᠢᠨ ᠴᠢᠭᠯᠡᠯ ᠨᠢ ᠨᠠᠮ ᠪᠣᠯᠣᠨ ᠤᠯᠤᠰ ᠣᠷᠣᠨ ᠤ ᠢᠷᠡᠭᠡᠳᠦᠢ ᠬᠤᠪᠢ ᠵᠠᠶᠠᠭ᠎ᠠ ᠪᠣᠯᠣᠨ ᠠᠵᠢᠯ ᠦᠢᠯᠡᠰ ᠤᠨ ᠥᠭᠡᠳᠡᠯᠡᠵᠦ ᠤᠷᠤᠭᠤᠳᠠᠬᠤ ᠢᠯᠠᠵᠤ ᠢᠯᠠᠭᠳᠠᠬᠤ ᠲᠠᠢ ᠬᠤᠯᠪᠣᠭᠳᠠᠵᠤ ᠪᠠᠶᠢᠳᠠᠭ᠃ ᠬᠤᠶᠠᠷ ᠨᠠᠮ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠬᠢᠨ ᠬᠤᠶᠠᠷ ᠲᠠᠯ᠎ᠠ ᠶᠢᠨ ᠬᠠᠷᠢᠯᠴᠠᠭ᠎ᠠ ᠪᠣᠯᠣᠨ ᠬᠠᠮᠲᠤ ᠪᠠᠷ ᠠᠩᠬᠠᠷᠴᠤ ᠪᠠᠶᠢᠭ᠎ᠠ ᠴᠢᠬᠤᠯᠠ ᠶᠡᠭᠡ ᠵᠥᠪᠯᠡᠬᠦ ᠵᠦᠢᠯ ᠤᠨ ᠲᠤᠬᠠᠢ ᠴᠠᠭ ᠲᠤᠬᠠᠢ ᠳᠤᠨᠢ ᠰᠠᠨᠠᠯ ᠢᠶᠠᠨ ᠰᠣᠯᠢᠯᠴᠠᠵᠤ᠂ ᠬᠠᠮᠲᠤ ᠶᠢᠨ ᠲᠠᠨᠢᠯᠲᠠ ᠪᠠᠨ ᠲᠠᠰᠤᠷᠠᠯᠲᠠ ᠦᠭᠡᠢ ᠨᠢᠭᠲᠠᠷᠠᠭᠤᠯᠵᠤ᠂ ᠢᠲᠡᠭᠡᠯᠴᠡᠭᠡ ᠪᠠᠨ ᠨᠡᠮᠡᠭᠳᠡᠭᠦᠯᠵᠦ᠂ ᠴᠢᠭᠯᠡᠯ ᠢᠶᠠᠨ ᠪᠠᠲᠤᠳᠬᠠᠵᠤ᠂ ᠳᠤᠮᠳᠠᠳᠤ ᠸᠢᠶᠧᠲᠨᠠᠮ ᠤᠨ ᠬᠠᠷᠢᠯᠴᠠᠭᠠᠨ ᠤ ᠬᠥᠯᠭᠡ ᠣᠩᠭᠤᠴᠠ ᠶᠢᠨ ᠲᠣᠭᠲᠠᠭᠤᠨ ᠢᠶᠠᠷ ᠤᠷᠤᠭᠰᠢᠯᠠᠬᠤ ᠶᠢ ᠪᠠᠲᠤᠯᠠᠶ᠎ᠠ᠃ ᠨᠠᠮ ᠤᠨ ᠬᠤᠭᠤᠷᠤᠨᠳᠤᠭᠢ᠂ ᠬᠠᠤᠯᠢ ᠲᠣᠭᠲᠠᠭᠠᠬᠤ ᠪᠠᠶᠢᠭᠤᠯᠤᠮᠵᠢ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠠᠵᠢᠯ ᠲᠦᠷᠦᠯ ᠢᠶᠠᠷ ᠢᠶᠠᠨ ᠰᠣᠯᠢᠯᠴᠠᠭ᠎ᠠ ᠬᠢᠵᠦ ᠬᠠᠮᠲᠤᠷᠠᠯᠴᠠᠬᠤ ᠶᠢ ᠦᠷᠭᠦᠯᠵᠢᠯᠡᠨ ᠪᠠᠲᠤᠯᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠦᠶ᠎ᠡ᠃ ᠬᠤᠶᠠᠷ ᠲᠠᠯ᠎ᠠ ᠪᠠᠷ ᠢᠶᠠᠨ ᠳᠤᠮᠳᠠᠳᠤ ᠸᠢᠶᠧᠲᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠵᠢᠴᠢ ︽ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠢ ᠪᠡᠯᠭᠡᠯᠡᠬᠦ ᠪᠠᠷ ᠠᠵᠠ ᠲᠣᠭᠢᠶᠠᠯ ᠪᠤᠯᠭᠠᠵᠤ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠶᠠᠷ ᠤᠯᠤᠰ ᠤᠨ ᠠᠷᠠᠳ ᠤᠯᠠᠨ ᠢᠯᠠᠩᠭᠤᠶ᠎ᠠ ᠵᠠᠯᠠᠭᠤ ᠨᠢᠭᠡ ᠦᠶ᠎ᠡ ᠶᠢᠨ ᠬᠢᠨ ᠤ ᠣᠶᠢᠯᠠᠭᠠᠯᠴᠠᠭ᠎ᠠ ᠪᠠ ᠨᠥᠭᠦᠷᠰᠡᠭ ᠬᠠᠶᠢᠷ᠎ᠠ ᠰᠡᠳᠬᠢᠯᠭᠡ ᠶᠢ ᠨᠡᠮᠡᠭᠳᠡᠭᠦᠯᠵᠦ᠂ ᠬᠤᠶᠠᠷ ᠤᠯᠤᠰ ᠤᠨ ᠨᠥᠬᠦᠷᠯᠡᠯ ᠤᠨ ᠬᠤᠯᠪᠣᠭᠠᠰᠤ ᠶᠢ ᠨᠡᠩ ᠴᠢᠩᠭᠠᠯᠠᠶ᠎ᠠ ᠭᠡᠵᠦ ᠴᠢᠬᠤᠯᠠᠴᠢᠯᠠᠪᠠ᠃       ᠰᠢ ᠶᠢᠨ ᠫᠢᠩ᠂ ᠳᠤᠮᠳᠠᠳᠤ ᠤᠯᠤᠰ ᠤᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠸᠢᠶᠧᠲᠨᠠᠮ ᠤᠨ ᠤᠯᠤᠰ ᠤᠨ ᠬᠤᠷᠠᠯ ᠤᠨ ᠶᠠᠪᠤᠯᠴᠠᠭ᠎ᠠ ᠬᠤᠷᠰᠢᠯᠴᠠᠭ᠎ᠠ ᠣᠯᠠᠰᠢᠷᠠᠵᠤ᠂ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠪᠠ᠃ ᠬᠤᠶᠠᠷ ᠤᠯᠤᠰ ᠤᠨ ᠬᠠᠤᠯᠢ ᠲᠣᠭᠲᠠᠭᠠᠬᠤ ᠪᠠᠶᠢᠭᠤᠯᠤᠮᠵᠢ ᠤᠯᠠᠮᠵᠢᠯᠠᠯᠲᠤ ᠨᠥᠬᠦᠷᠯᠡᠯ ᠢᠶᠠᠨ ᠴᠢᠩᠭᠠᠳᠬᠠᠬᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠨᠠᠶᠢᠳᠠᠪᠤᠷᠢᠵᠢᠭᠤᠯᠬᠤ ᠶᠢ ᠪᠠᠲᠤᠯᠠᠬᠤ᠂ ᠤᠯᠠᠨ ᠲᠠᠯ᠎ᠠ ᠶᠢᠨ ᠵᠣᠬᠢᠴᠠᠭᠤᠯᠭ᠎ᠠ ᠶᠢ ᠴᠢᠩᠭᠠᠳᠬᠠᠬᠤ ᠲᠠᠯ᠎ᠠ ᠪᠠᠷ ᠢᠯᠡᠭᠦᠬᠡᠨ ᠠᠵᠢᠯ ᠬᠢᠵᠦ᠂ ᠲᠤᠰ ᠲᠤᠰ ᠤᠨ ᠤᠯᠤᠰ ᠤᠨ ᠢᠶᠠᠨ ᠨᠡᠶᠢᠭᠡᠮ ᠵᠢᠷᠤᠮ ᠤᠨ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠤᠬᠠᠢ ᠰᠣᠯᠢᠯᠴᠠᠭ᠎ᠠ ᠥᠷᠨᠢᠭᠦᠯᠵᠦ᠂ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠭᠤᠯᠬᠤᠨ ᠢ ᠲᠠᠰᠤᠷᠠᠯᠳᠠ ᠦᠭᠡᠢ ᠪᠠᠶᠠᠯᠢᠭᠵᠢᠭᠤᠯᠤᠶ᠎ᠠ ᠭᠡᠵᠦ ᠵᠢᠭᠠᠵᠤ ᠭᠠᠷᠭᠠᠪᠠ᠃       ᠴᠧᠨ ᠴᠢᠩ ᠮᠢᠨ᠂ ᠸᠢᠶᠧᠲᠨᠠᠮ ᠳᠤᠮᠳᠠᠳᠤ ᠠᠭᠤᠯᠠ ᠤᠰᠤ ᠪᠠᠷ ᠢᠶᠠᠨ ᠬᠥᠷᠰᠢᠯᠡᠵᠦ᠂ ᠬᠤᠶᠠᠷ ᠨᠠᠮ ᠬᠤᠶᠠᠷ ᠤᠯᠤᠰ ᠤᠨ ᠦᠶ᠎ᠡ ᠦᠶ᠎ᠡ ᠶᠢᠨ ᠤᠳᠤᠷᠢᠳᠬᠤ ᠬᠥᠮᠥᠰ ᠤᠨ ᠨᠠᠷᠢᠨ ᠨᠢᠮᠪᠠᠢ ᠬᠥᠮᠥᠵᠢᠭᠦᠯᠦᠯ ᠳᠣᠣᠷ᠎ᠠ ︽ᠨᠥᠬᠦᠷ ᠪᠥᠭᠡᠳ ᠠᠬ᠎ᠠ ᠳᠡᠭᠦᠦ︾ ᠶᠢᠨ ᠴᠢᠩ ᠦᠨᠡᠨᠴᠢ ᠨᠥᠬᠦᠷᠯᠡᠯ ᠢ ᠪᠠᠶᠢᠭᠤᠯᠵᠤ᠂ ᠬᠤᠶᠠᠷ ᠲᠠᠯ᠎ᠠ ᠶᠢᠨ ᠬᠠᠷᠢᠯᠴᠠᠭ᠎ᠠ ᠤᠷᠳᠤ ᠬᠤᠭᠤᠴᠠᠭ᠎ᠠ ᠪᠠᠷ ᠨᠥᠭᠦᠷᠰᠡᠭ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠲᠤᠰ ᠤᠳᠠᠭ᠎ᠠ ᠶᠢᠨ ᠠᠶᠢᠯᠴᠢᠯᠠᠯᠲᠠ ᠨᠢ ᠳᠤᠮᠳᠠᠳᠤ ᠤᠯᠤᠰ ᠤᠨ ᠨᠠᠮ᠂ ᠤᠯᠤᠰ ᠪᠣᠯᠣᠨ ᠠᠷᠠᠳ ᠲᠦᠮᠡᠨ ᠤ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠶᠢ ᠴᠢᠬᠤᠯᠠᠴᠢᠯᠠᠵᠤ ᠪᠠᠶᠢᠬᠤ ᠶᠢ ᠭᠦᠢᠴᠡᠳ ᠢᠯᠡᠷᠡᠭᠦᠯᠪᠡ᠃ ᠬᠤᠶᠠᠷ ᠨᠠᠮ ᠤᠨ ᠶᠡᠷᠦᠩᠬᠡᠢ ᠱᠦᠵᠢ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠸᠢᠶᠧᠲᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠴᠢᠬᠤᠯᠠ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠬᠢᠭᠰᠡᠨ ᠨᠢ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠶᠢᠨ ᠰᠢᠨ᠎ᠡ ᠬᠠᠭᠤᠳᠠᠰᠤ ᠶᠢ ᠨᠡᠭᠡᠭᠡᠬᠦ ᠶᠢ ᠠᠬᠢᠭᠤᠯᠬᠤ ᠪᠣᠯᠣᠨ᠎ᠠ᠃ ᠸᠢᠶᠧᠲᠨᠠᠮ ᠤᠨ ᠤᠯᠤᠰ ᠤᠨ ᠬᠤᠷᠠᠯ ᠤᠨ ᠬᠢᠨ ᠳᠤᠮᠳᠠᠳᠤ ᠤᠯᠤᠰ ᠤᠨ ᠪᠦᠭᠦ ᠤᠯᠤᠰ ᠤᠨ ᠬᠤᠶᠠᠷ ᠬᠤᠷᠠᠯ ᠠᠮᠵᠢᠯᠲᠠ ᠲᠠᠢ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ᠂ ᠳᠤᠮᠳᠠᠳᠤ ᠤᠯᠤᠰ ᠤᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠠᠢ ᠨᠢᠭᠲᠠ ᠣᠯᠣᠯᠴᠠᠨ ᠬᠠᠮᠲᠤᠷᠠᠯᠴᠠᠵᠤ᠂ ᠬᠤᠶᠠᠷ ᠨᠠᠮ ᠬᠤᠶᠠᠷ ᠤᠯᠤᠰ ᠤᠨ ᠬᠠᠮᠤᠭ ᠤᠨ ᠳᠡᠭᠡᠳᠦ ᠤᠳᠤᠷᠢᠳᠬᠤ ᠬᠥᠮᠥᠰ ᠤᠨ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠦᠨᠡᠨ ᠬᠦ ᠰᠠᠶᠢᠲᠤᠷ ᠨᠠᠶᠢᠳᠠᠪᠤᠷᠢᠵᠢᠭᠤᠯᠵᠤ᠂ ᠬᠤᠶᠠᠷ ᠤᠯᠤᠰ ᠤᠨ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠬᠤ᠂ ᠠᠷᠠᠳ ᠲᠦᠮᠡᠨ ᠤ ᠨᠥᠬᠦᠷᠯᠡᠯ ᠢ ᠵᠤᠵᠠᠭᠠᠳᠬᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃       ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠣᠷᠣᠯᠴᠠᠵᠠᠢ᠃   
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号