| ● ᠰᠤᠷᠪᠤᠯᠵᠢᠯᠠᠬᠴᠢ ᠡᠤ ᠰᠡᠷᠬᠦᠯᠡᠩ | ᠤᠳᠤ ᠬᠦᠳᠡᠭᠡ ᠶᠢᠨ ᠮᠠᠯᠴᠢᠨ ᠬᠤᠳᠠ ᠤᠷᠤᠵᠦ ᠠᠵᠦ ᠦᠢᠯᠡᠰ ᠪᠤᠰᠬᠠᠨ᠂ ᠬᠤᠳᠠ ᠭᠠᠵᠠᠷ ᠦᠪᠡᠷ ᠤᠨ | ᠬᠡᠰᠡᠨ ᠤᠷᠤᠨ ᠪᠠᠶᠢᠷᠢ ᠪᠠᠨ ᠡᠵᠡᠯᠡᠵᠦ ᠪᠠᠶᠢᠭ᠎ᠠ ᠬᠦᠮᠦᠨ ᠮᠤᠩ ᠦᠬᠡᠢ ᠤᠯᠠᠨ ᠪᠤᠢ᠃ ᠲᠦᠷᠦᠬᠦᠬᠡᠨ | ᠰᠤᠷᠪᠤᠯᠵᠢᠯᠠᠬᠴᠢ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠤᠯᠠᠭᠠᠨᠮᠤᠳᠤ ᠰᠤᠮᠤ ᠶᠢᠨ ᠰᠠᠷᠠᠨᠳᠠᠢ | ᠭᠠᠴᠠᠭ᠎ᠠ ᠪᠠᠷ ᠨᠤᠳᠤᠬᠳᠠᠢ ᠰᠤᠶᠤᠯᠲᠠᠯᠠᠢ ᠪᠤᠯᠤᠨ ᠤᠯᠠᠭᠠᠨᠲᠤᠶᠠᠭ᠎ᠠ ᠵᠠᠯᠠᠭᠤ ᠮᠠᠯᠴᠢᠨ ᠡᠷ᠎ᠡ ᠡᠮ᠎ᠡ ᠬᠤᠶᠠᠭᠤᠯᠠ ᠶᠢᠨ | ᠬᠤᠳᠠ ᠭᠠᠵᠠᠷ ᠵᠠᠰᠠᠯ ᠴᠢᠮᠡᠭᠯᠡᠯ ᠤᠨ ᠭᠠᠵᠠᠷ ᠪᠠ ᠮᠤᠩᠭᠤᠯ ᠬᠤᠭᠤᠯᠠᠨ ᠬᠡᠷ ᠡᠷᠬᠢᠯᠡᠵᠤ ᠠᠳᠠᠯ ᠠᠮᠢᠳᠤᠷᠠᠯ ᠢᠶᠠᠨ | ᠦᠭᠡᠳᠡᠯᠡᠭᠦᠯᠵᠤ ᠶᠠᠪᠤᠭ᠎ᠠ ᠶᠢ ᠰᠤᠷᠪᠤᠯᠵᠢᠯᠠᠵᠤ ᠲᠡᠳᠡ ᠬᠤᠶᠠᠷ ᠤᠨ ᠦᠢᠯᠡᠰ ᠪᠤᠰᠬᠠᠬᠰᠠᠨ ᠦᠯᠢᠬᠡᠷ ᠢ ᠬᠠᠭᠤᠴᠢᠯᠠᠵᠦ | ᠰᠠᠭᠤᠯ᠎ᠠ᠃ | ᠰᠤᠶᠤᠯᠲᠠᠯᠠᠢ ᠪᠤᠯᠤᠨ ᠤᠯᠠᠭᠠᠨᠲᠤᠶᠠᠭ᠎ᠠ ᠪᠤᠯ ᠬᠠᠷᠠᠬᠠᠨ ᠪᠠᠭ᠎ᠠ ᠠᠴᠠ ᠪᠠᠨ ᠮᠠᠯᠵᠢᠬᠤ ᠤᠷᠤᠨ ᠳᠤ ᠪᠤᠶᠢᠵᠢᠨ | ᠦᠰᠴᠡᠢ᠃ ᠰᠤᠶᠤᠯᠲᠠᠯᠠᠢ ᠶᠢᠨ ᠠᠪᠤ ᠨᠢ ᠪᠠᠭ᠎ᠠ ᠰᠤᠷᠭᠠᠭᠤᠯᠢ ᠶᠢᠨ ᠪᠠᠭᠰᠢ ᠶᠢᠨ ᠠᠯᠪᠠ ᠲᠠᠢ ᠪᠤᠯᠬᠤᠷ ᠨᠤᠳᠤᠬ | ᠪᠡᠯᠴᠢᠬᠡᠷ ᠬᠡᠵᠦ ᠦᠬᠡᠢ᠂ ᠲᠡᠷᠡ ᠪᠠᠷ 17 ᠨᠠᠰᠦᠳᠠᠢ ᠠᠴᠠ ᠪᠠᠨ ᠪᠤᠰᠤᠳ ᠤᠨ ᠬᠤᠨᠢ ᠶᠢ 5 ᠵᠢᠯ ᠬᠠᠷᠢᠭᠤᠯᠵᠦ᠂ | 22 ᠨᠠᠰᠦᠳᠠᠢ ᠳᠠᠭᠠᠨ ᠭᠠᠳᠠᠬᠰᠢ ᠭᠠᠷᠴᠦ ᠬᠦᠯᠦᠰᠦᠨ ᠠᠵᠢᠯ ᠬᠢᠵᠡᠢ᠃ ᠰᠤᠶᠤᠯᠳᠠᠯᠠᠢ ᠤᠯᠠᠭᠠᠨᠬᠤᠳᠠ ᠶᠢᠨ ᠨᠢᠬᠡᠨ | ᠵᠠᠰᠠᠯ ᠴᠢᠮᠡᠭᠯᠡᠯ ᠤᠨ ᠭᠠᠵᠠᠷ ᠰᠤᠷᠤᠯᠴᠠᠬᠤ ᠶᠢᠨ ᠲᠠᠭᠠᠤ ᠠᠵᠢᠯ ᠬᠢᠵᠤ᠂ ᠨᠢᠬᠡ ᠮᠡᠳᠡᠬᠦ ᠳᠤ ᠲᠤᠯᠤᠭ᠎ᠠ ᠨᠠᠢᠮᠠᠨ ᠵᠢᠯ | ᠪᠤᠯᠴᠢᠬᠠᠪᠠ᠃ 2010 ᠤᠨ ᠳᠤ ᠰᠤᠶᠤᠯᠲᠠᠯᠠᠢ ᠲᠠᠢ ᠠᠳᠠᠯᠢᠬᠠᠨ ᠵᠠᠰᠠᠯ ᠴᠢᠮᠡᠭᠯᠡᠯ ᠤᠨ ᠮᠡᠷᠬᠡᠵᠢᠯ ᠰᠤᠷᠴᠦ᠂ | ᠦᠢᠯᠡᠰ ᠪᠤᠰᠬᠠᠬᠤ ᠪᠠᠷ ᠮᠡᠷᠡᠶᠢᠵᠦ ᠪᠠᠶᠢᠬᠰᠠᠨ ᠤᠯᠠᠭᠠᠨᠲᠤᠶᠠᠭ᠎ᠠ ᠲᠠᠢ ᠲᠠᠨᠢᠯᠴᠠᠵᠦ᠂ ᠬᠦᠰᠡᠯ ᠨᠢᠬᠡᠳᠡᠢ ᠰᠡᠳᠭᠢᠯ | ᠲᠠᠭᠠᠷᠠᠬᠰᠠᠨ ᠬᠤᠶᠠᠭᠤᠯᠠ 2011 ᠤᠨ ᠳᠤ ᠦᠰᠦ ᠪᠠᠨ ᠬᠤᠯᠪᠤᠵᠦ ᠬᠠᠯᠠᠭᠤᠨ ᠪᠦᠯᠢ ᠪᠠᠶᠢᠭᠤᠯᠵᠠᠢ᠃ | ᠰᠤᠶᠤᠯᠳᠠᠯᠠᠢ ᠲᠡᠳᠡ ᠬᠤᠶᠠᠭᠤᠯᠠ ᠬᠡᠳᠦᠨ ᠵᠢᠯ ᠬᠦᠴᠦ ᠶᠠᠪᠤᠵᠦ ᠬᠤᠷᠠᠮᠳᠤᠭᠤᠯᠤᠬᠰᠠᠨ ᠮᠦᠩᠬᠦ ᠪᠠᠷ ᠢᠶᠠᠨ | ᠬᠡᠷ ᠲᠦᠷᠢᠶᠡᠰᠦᠯᠡᠵᠦ᠂ 2012 ᠤᠨ ᠳᠤ ᠬᠤᠷᠴᠢᠨ ᠪᠠᠷᠠᠭᠤᠨ ᠭᠠᠷᠤᠨ ᠡᠮᠦᠨᠡᠳᠤ ᠬᠤᠰᠢᠭᠤᠨ ᠤ ᠬᠤᠷᠴᠢᠨ | ᠪᠠᠯᠭᠠᠰᠦᠨ ᠳᠤ ︽ᠲᠦᠬᠦᠷᠡᠩ ᠤᠷᠠᠯᠢᠭ ᠵᠠᠰᠠᠯ ᠴᠢᠮᠡᠭᠯᠡᠯ ᠤᠨ ᠭᠠᠵᠠᠷ︾ ᠡᠷᠬᠢᠯᠡᠵᠡᠢ᠃ ᠮᠠᠯᠵᠢᠬᠤ ᠨᠤᠳᠤᠭ ᠲᠤ | ᠲᠦᠷᠦᠵᠦ᠂ ᠬᠦᠳᠡᠭᠡ ᠶᠢᠨ ᠠᠮᠢᠳᠦᠷᠠᠯ ᠤᠨ ᠤᠷᠴᠢᠨ ᠳᠤ ᠦᠰᠦᠭᠰᠡᠨ ᠲᠡᠳᠡ ᠬᠤᠶᠠᠭᠤᠯᠠ ᠳᠤ ᠠᠪᠴᠦ ᠬᠡᠯᠡᠪᠡᠯ | ᠨᠠᠷᠢᠨ ᠪᠤᠳᠤᠯᠢᠶᠠᠨᠳᠠᠢ ᠵᠠᠬ᠎ᠠ ᠲᠡᠯᠬᠡᠬᠦᠷ ᠤᠨ ᠦᠷᠢᠰᠦᠯᠳᠦᠬᠡᠨ ᠳᠤ ᠬᠦᠯ ᠳᠤᠭᠳᠠᠵᠤ᠂ ᠦᠪᠡᠷ ᠤᠨ ᠬᠡᠰᠡᠨ ᠤᠷᠤᠨ | ᠪᠠᠶᠢᠷᠢ ᠪᠠᠨ ᠤᠯᠬᠤ ᠨᠢ ᠲᠡᠶᠢᠮᠦ ᠴᠤ ᠠᠮᠠᠷᠬᠠᠨ ᠶᠠᠪᠤᠳᠠᠯ ᠪᠢᠰᠢ ᠪᠠᠶᠢᠯ᠎ᠠ᠃ ᠲᠦᠮᠡᠨ ᠶᠠᠪᠤᠳᠠᠯ ᠤᠨ ᠲᠦᠷᠦᠬᠦᠦ | ᠠᠯᠬᠤᠮ ᠨᠢ ᠬᠦᠴᠢᠷ ᠬᠡᠳᠡᠭᠴᠢᠯᠡᠨ᠂ ᠲᠡᠳᠡᠨ ᠤ ᠲᠡᠯᠬᠡᠬᠦᠷ ᠲᠤ ᠡᠳᠦᠷ ᠲᠤ ᠨᠢᠬᠡ ᠴᠤ ᠵᠤᠴᠢᠨ ᠦᠬᠡᠢ ᠪᠤᠯᠬᠤᠷ | ᠲᠡᠳᠡ ᠬᠤᠶᠠᠭᠤᠯᠠ ᠦᠪᠡᠷ ᠢ ᠪᠠᠨ ᠪᠤᠰᠤᠳ ᠲᠤ ᠲᠠᠨᠢᠭᠤᠯᠬᠤ ᠪᠠᠷ ᠡᠷᠳᠡᠯᠡᠵᠦ ᠤᠷᠦ᠋ᠢᠯᠠᠨ ᠤᠬᠠᠭᠤᠯᠭ᠎ᠠ ᠶᠢᠨ ᠺᠠᠷᠲ | ᠂ ᠤᠬᠠᠭᠤᠯᠭ᠎ᠠ ᠶᠢᠨ ᠬᠠᠭᠤᠳᠠᠰᠦ ᠶᠢ ᠭᠤᠷᠪᠠᠨ ᠰᠠᠷ᠎ᠠ ᠭᠠᠷᠦᠢ ᠬᠠᠯᠠᠰᠢᠷᠠᠯ ᠦᠬᠡᠢ ᠲᠠᠷᠬᠠᠭᠠᠬᠰᠠᠨ ᠤ ᠳ᠋ᠦᠩ ᠳᠤ | 6000 ᠲᠦᠬᠦᠷᠢᠭ ᠤᠨ ᠡᠬᠦᠳᠡᠨ ᠫᠠᠶᠢᠰᠠ ᠢᠯᠡᠷᠬᠡᠶᠢᠯᠡᠯ ᠤᠨ ᠠᠵᠢᠯ ᠤᠯᠵᠦ ᠬᠢᠭᠰᠡᠨ ᠬᠡᠳᠡᠭ᠃ ᠲᠡᠳᠡ | ᠬᠤᠶᠠᠭᠤᠯᠠ ᠠᠵᠢᠯ ᠳᠠᠭᠠᠨ ᠨᠠᠷᠢᠯᠢᠭ᠂ ᠬᠠᠷᠢᠭᠤᠴᠠᠯᠭ᠎ᠠ ᠲᠠᠢ᠂ ᠲᠤᠷᠰᠢᠯᠭ᠎ᠠ ᠰᠠᠶᠢᠳᠠᠢ ᠪᠠᠷ ᠢᠶᠠᠨ ᠤᠳᠠᠯ ᠦᠬᠡᠢ | ᠤᠯᠠᠨ ᠤ ᠢᠳᠡᠬᠡᠯ ᠢ ᠤᠯᠵᠦ ᠳᠡᠳᠡᠨ ᠢ ᠡᠷᠢᠵᠤ ᠠᠵᠢᠯ ᠬᠢᠯᠭᠡᠳᠡᠭ ᠬᠦᠮᠦᠨ ᠤᠯᠠᠰᠢᠷᠠᠵᠤ᠂ ᠠᠮᠢᠳᠦᠷᠠᠯ ᠨᠢ ᠴᠤ | ᠦᠬᠡᠳᠡᠯᠡᠵᠦ ᠢᠷᠡᠵᠡᠢ᠃ ᠲᠡᠳᠡ ᠤᠷᠢᠳ ᠬᠤᠵᠢᠳ ᠬᠢᠨᠭ᠍ᠭᠠᠨ ᠠᠶᠢᠮᠠᠬ ᠤᠨ ᠤᠯᠠᠭᠠᠨᠬᠤᠳᠠ ᠪᠠᠭ᠎ᠠ ᠰᠤᠷᠭᠠᠭᠤᠯᠢ ᠶᠢᠨ | ᠵᠢᠭᠠᠨ ᠰᠤᠷᠭᠠᠬᠤ ᠠᠰᠠᠷ ᠤᠨ ᠤᠬᠠᠭᠤᠯᠭ᠎ᠠ ᠶᠢᠨ ᠪᠤᠯᠤᠩ᠂ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ | ᠤᠰᠤᠨ ᠦᠵᠡᠮᠵᠢ ᠶᠢᠨ ᠴᠡᠴᠡᠷᠯᠢᠭ ᠤᠨ ᠦᠩᠭᠡᠳᠤ ᠳ᠋ᠧᠩ᠂ ᠠᠶᠢᠮᠠᠭ ᠤᠨ ᠲᠠᠷᠢᠶᠠᠯᠠᠩ ᠮᠠᠯᠵᠢᠯ ᠤᠨ ᠲᠠᠯᠠᠪᠠᠢ ᠶᠢᠨ | ᠬᠠᠮᠢᠶᠠᠷᠦᠯᠳᠠ ᠶᠢᠨ ᠲᠤᠪᠴᠢᠶ᠎ᠠ ᠶᠢᠨ ᠡᠯ᠎ᠡ ᠰᠤᠮᠤ ︵ᠪᠠᠯᠭᠠᠰᠦ︶ ᠭᠠᠴᠠᠭ᠎ᠠ ᠲᠤᠰᠬᠤᠨ ᠤ ᠫᠠᠶᠢᠰᠠ ᠢᠯᠡᠷᠬᠡᠶᠢᠯᠡᠯ᠂ | ᠬᠢᠨᠭ᠍ᠭᠠᠨ ᠠᠶᠢᠮᠠᠬ ᠤᠨ ᠤᠯᠠᠭᠠᠨᠬᠤᠳᠠ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ ᠰᠤᠷᠤᠬᠴᠢᠳ ᠤᠨ ᠪᠡᠶ᠎ᠡ | ᠲᠠᠮᠢᠷ ᠤᠨ ᠴᠤᠬᠯᠠᠭᠠᠨ ᠤ ᠰᠦᠯᠳᠡ᠂ 2017 ᠤᠨ ᠤ ᠲᠤᠮᠳᠠᠳᠤ ᠮᠤᠩᠭᠤᠯ ᠤᠷᠤᠰ ᠤᠯᠠᠨ ᠤᠯᠤᠰ ᠤᠨ | ᠪᠤᠬᠢᠷᠳᠦᠯ ᠦᠬᠡᠢ ᠤᠷᠭᠠᠨᠢᠭ ᠪᠦᠳᠦᠭᠡᠭᠳᠡᠬᠦᠨ ᠤ ᠦᠵᠡᠰᠭᠦᠯᠡᠩ ᠤᠨ ᠬᠡᠰᠡᠭ ᠦᠵᠡᠬᠦᠯᠬᠡ ᠶᠢᠨ ᠲᠢᠩᠬᠢᠮ᠂ 2018 | ᠤᠨ ᠤ ᠠᠩᠬᠠᠳᠤᠭᠠᠷ ᠬᠤᠭᠤᠴᠠᠭᠠᠨ ᠤ ᠪᠦᠬᠦ ᠠᠶᠢᠮᠠᠭ ᠤᠨ ᠨᠠᠭᠠᠳᠦᠮ ᠤᠨ ᠬᠤᠷᠠᠯ ᠤᠨ ᠰᠤᠯᠤᠩᠭᠠᠳᠤ ᠲᠡᠷᠭᠡ | ᠵᠡᠷᠭᠡ ᠶᠢ ᠵᠤᠬᠢᠶᠠᠨ ᠦᠢᠯᠡᠳᠴᠤ ᠵᠠᠰᠠᠨ ᠴᠢᠮᠡᠭᠯᠡᠵᠡᠢ᠃ 2017 ᠤᠨ ᠳᠤ ᠪᠠᠰᠠ ᠬᠤᠷᠴᠢᠨ ᠪᠠᠯᠭᠠᠰᠦᠨ ᠳᠤ 120 | ᠲᠡᠭᠰᠢ ᠲᠦᠷᠪᠡᠯᠵᠢᠨ ᠮᠧᠲᠷ ᠤᠨ ᠬᠤᠶᠠᠷ ᠲᠠᠪᠬᠤᠷᠯᠢᠭ ᠤᠨ ᠠᠰᠠᠷ ᠬᠤᠳᠠᠯᠳᠤᠨ ᠠᠪᠴᠠᠢ᠃ ᠲᠡᠳᠡ ᠬᠤᠶᠠᠭᠤᠯᠠ | ᠠᠮᠵᠢᠯᠳᠠ ᠪᠦᠳᠦᠮᠵᠢ ᠳᠡᠭᠡᠨ ᠰᠡᠳᠭᠢᠯ ᠬᠠᠨᠦᠵᠦ ᠰᠠᠭᠤᠭ᠎ᠠ ᠦᠬᠡᠢ ᠬᠠᠷᠢᠨ ᠲᠤᠰᠬᠠᠢ ᠮᠡᠷᠬᠡᠵᠢᠯ ᠤᠨ ᠬᠢᠷᠢ | ᠲᠦᠪᠰᠢᠨ ᠢᠶᠠᠨ ᠤᠯᠠᠮ ᠰᠠᠶᠢᠵᠢᠷᠠᠭᠤᠯᠬᠤ ᠶᠢᠨ ᠲᠦᠯᠦᠬᠡ᠂ ᠵᠢᠯ ᠪᠦᠷᠢ ᠶᠢᠨ 3 ᠰᠠᠷ᠎ᠠ ᠳᠤ ᠱᠧᠨᠶᠠᠩ ᠬᠤᠳᠠ ᠳᠤ | ᠶᠠᠪᠤᠬᠳᠠᠬᠤ ᠱᠧᠨᠶᠠᠩ ᠤᠨ ᠤᠯᠠᠨ ᠤᠯᠤᠰ ᠤᠨ ᠵᠠᠷ ᠮᠡᠳᠡᠭᠡᠨ ᠤ ᠬᠤᠷᠤᠬᠳᠠᠬᠤ ᠮᠠᠲ᠋ᠧᠷᠢᠶᠠᠯ ᠤᠨ ᠦᠵᠡᠰᠭᠦᠯᠡᠩ ᠳᠤ | 12 ᠵᠢᠯ ᠲᠠᠷᠠᠭᠠᠯᠠᠨ ᠤᠷᠤᠯᠴᠠᠨ᠂ ᠴᠠᠭ ᠤᠨ ᠤᠷᠤᠰᠬᠠᠯ ᠢ ᠲᠠᠭᠠᠬᠰᠠᠨ ᠰᠢᠨ᠎ᠡ ᠮᠡᠷᠬᠡᠵᠢᠯ ᠢ ᠰᠤᠷᠤᠯᠴᠠᠨ ᠡᠵᠡᠮᠰᠢᠵᠦ | ᠂ ᠮᠡᠳᠡᠯᠬᠡ ᠮᠡᠷᠬᠡᠵᠢᠯ ᠢᠶᠠᠨ ᠪᠠᠳᠦᠳᠬᠠᠵᠠᠢ᠃ | ᠰᠤᠶᠤᠯᠳᠠᠯᠠᠢ ᠤᠯᠠᠭᠠᠨᠲᠤᠶᠠᠭ᠎ᠠ ᠬᠤᠶᠠᠭᠤᠯᠠ ᠦᠪᠡᠷ ᠤᠨ ᠰᠤᠩᠭᠤᠬᠰᠠᠨ ᠵᠠᠮ ᠢᠶᠠᠷ ᠢᠶᠠᠨ ᠵᠤᠷᠢᠭ ᠲᠠᠢ | ᠶᠠᠪᠤᠵᠦ᠂ ᠪᠤᠰᠬᠠᠬᠰᠠᠨ ᠦᠢᠯᠡᠰ ᠢᠶᠠᠨ ᠯᠠᠪᠳᠠᠭᠤᠨ ᠪᠠᠳᠦᠳᠠᠢ ᠬᠢᠵᠦ᠂ ᠠᠵᠢᠯ ᠦᠢᠯᠡᠰ ᠲᠡᠭᠡᠨ ᠬᠠᠶᠢᠷ᠎ᠠ | ᠬᠠᠷᠢᠭᠤᠴᠠᠯᠭ᠎ᠠ ᠲᠠᠢ ᠠᠵᠢᠯᠯᠠᠵᠦ᠂ ᠨᠢᠬᠡ ᠯᠡ ᠰᠡᠳᠬᠢᠯ ᠬᠠᠳᠠᠭᠤ ᠵᠤᠷᠢᠭ ᠢᠶᠠᠷ ᠰᠢᠷᠭᠠᠭᠤ ᠬᠠᠳᠠᠭᠤᠵᠢᠯᠳᠠᠢ | ᠴᠢᠷᠮᠠᠶᠢᠵᠤ᠂ ᠵᠠᠯᠠᠭᠤ ᠨᠠᠰᠦ ᠪᠠᠨ ᠤᠯᠤᠯᠳᠠ ᠠᠮᠵᠢᠯᠳᠠ ᠪᠠᠷ ᠮᠢᠯᠢᠶᠠᠯᠭᠠᠵᠤ ᠶᠠᠪᠤᠨ᠎ᠠ ᠪᠢᠯᠡ᠃ | 2024 ᠤᠨ ᠤ 8 ᠰᠠᠷ᠎ᠠ ᠳᠤ᠂ ᠰᠤᠶᠤᠯᠳᠠᠯᠠᠢ ᠤᠯᠠᠭᠠᠨᠲᠤᠶᠠᠭ᠎ᠠ ᠬᠤᠶᠠᠭᠤᠯᠠ ᠡᠮᠦᠨᠡᠳᠤ ᠬᠤᠰᠢᠭᠤᠨ ᠤ | ᠬᠤᠷᠴᠢᠨ ᠪᠠᠯᠭᠠᠰᠦᠨ ᠳᠤ ᠮᠤᠩᠭᠤᠯ ᠬᠤᠭᠤᠯᠠᠨ ᠬᠡᠷ ᠴᠦᠭᠡᠨ ᠪᠠᠶᠢᠭ᠎ᠠ ᠶᠢ ᠰᠡᠷᠡᠵᠤ ᠮᠡᠳᠡᠭᠡᠳ ︽ᠲᠠᠷᠬᠠᠨ ᠮᠤᠩᠭᠤᠯ | ᠬᠤᠭᠤᠯᠠᠨ ᠬᠡᠷ︾ ᠢᠶᠠᠨ ᠡᠷᠭᠢᠯᠡᠵᠤ᠂ ᠠᠮᠳᠠᠳᠤ ᠬᠤᠭᠤᠯᠠ ᠵᠠᠭᠤᠰᠢ ᠪᠠᠷ ᠢᠶᠠᠨ ᠬᠡᠷᠡᠭᠯᠡᠭᠴᠢᠳ ᠤᠨ ᠳᠠᠭᠠᠰᠢᠶᠠᠯ ᠢ | ᠬᠦᠷᠳᠡᠨ᠎ᠡ᠃ | ᠰᠤᠶᠤᠯᠳᠠᠯᠠᠢ ᠤᠯᠠᠭᠠᠨᠲᠤᠶᠠᠭ᠎ᠠ ᠬᠤᠶᠠᠭᠤᠯᠠ᠄ ︽ᠬᠦᠳᠡᠭᠡ ᠬᠤᠨᠢ ᠮᠠᠯ ᠢᠶᠠᠨ ᠬᠠᠷᠢᠭᠤᠯᠵᠦ᠂ ᠲᠠᠯ᠎ᠠ | ᠨᠤᠳᠤᠭ ᠤᠨ ᠰᠠᠷᠢᠬᠦᠨ ᠠᠭᠠᠷ ᠢ ᠠᠮᠢᠰᠬᠤᠯᠠᠬᠤ ᠨᠢ ᠰᠠᠶᠢᠬᠠᠨ ᠶᠤᠮ ᠡ᠃ ᠬᠡᠪᠡᠴᠦ ᠨᠤᠳᠤᠭ ᠪᠡᠯᠴᠢᠬᠡᠷ ᠦᠬᠡᠢ ᠶᠤᠮ | ᠴᠢᠨᠢ ᠦᠪᠡᠷ ᠤᠨ ᠬᠡᠰᠡᠨ ᠠᠮᠢᠳᠦᠷᠠᠯ ᠤᠨ ᠵᠠᠮ ᠢᠶᠠᠨ ᠡᠷᠢᠬᠦ ᠯᠡ ᠬᠡᠷᠡᠭᠳᠡᠢ᠂ ᠶᠠᠮᠠᠷᠪᠠ ᠠᠵᠢᠯ ᠬᠢᠭᠰᠡᠨ ᠴᠤ ᠨᠢᠬᠡ | ᠰᠡᠳᠭᠢᠯ ᠢᠶᠠᠷ ᠴᠢᠷᠮᠠᠶᠢᠪᠠᠯ ᠯᠠᠪᠳᠠᠢ ᠠᠮᠵᠢᠯᠳᠠ ᠤᠯᠵᠦ ᠲᠡᠶᠢᠯᠦᠨ᠎ᠡ︾ ᠬᠡᠵᠦ ᠰᠤᠷᠪᠤᠯᠵᠢᠯᠠᠬᠴᠢ ᠳᠤ ᠢᠳᠡᠬᠡᠯ | ᠲᠡᠬᠦᠯᠳᠡᠷ ᠶᠠᠷᠢᠵᠦ ᠪᠠᠶᠢᠯ᠎ᠠ᠃ ᠤᠳᠤ ᠲᠡᠳᠡ ᠬᠤᠶᠠᠭᠤᠯᠠ ᠡᠳᠦᠷ ᠪᠦᠷᠢ ᠵᠠᠰᠠᠯ ᠴᠢᠮᠡᠭᠯᠡᠯ ᠤᠨ ᠭᠠᠵᠠᠷ ᠪᠠ | ᠬᠤᠭᠤᠯᠠᠨ ᠬᠡᠷ ᠤᠨ ᠢᠶᠠᠨ ᠠᠵᠢᠯ ᠳᠤ ᠪᠤᠷᠪᠢ ᠪᠤᠬᠢᠰᠬᠤ ᠵᠠᠪ ᠦᠬᠡᠢ ᠶᠠᠭᠠᠷᠠᠵᠦ ᠪᠠᠶᠢᠬᠰᠠᠨ ᠴᠤ ᠰᠡᠳᠬᠢᠯ ᠲᠡᠨᠢᠬᠦᠨ | ᠶᠠᠪᠤᠨ᠎ᠠ᠃ |