ᠬᠠᠪᠤᠷ ᠤᠨ ᠤᠯᠠᠷᠢᠯ ᠳᠤ ᠭᠦᠵᠡᠯᠵᠡᠭᠡᠨ᠎ᠡ ᠳᠡᠭᠦᠵᠦ ᠪᠠᠶᠠᠰᠤᠯᠴᠠᠨ᠎ᠠ
ᠨᠡᠶᠢᠲᠡᠯᠡᠭᠰᠡᠨ ᠴᠠᠭ᠄
2025/4/16
     ︽ᠡ᠊ᠨᠳᠡᠬᠢ ᠭᠦᠵᠡᠯᠵᠡᠭᠡᠨ᠎ᠡ ᠢᠰᠬᠦᠯᠡᠩ ᠰᠢᠬᠢᠷᠯᠢᠭ ᠮᠥᠷᠲᠡᠭᠡᠨ ᠰᠢᠭᠦᠰᠦᠯᠢᠭ᠂ ᠦᠨ᠎ᠡ ᠨᠢ ᠪᠠᠰᠠ ᠬᠢᠮᠳᠠ᠂ ᠲᠡᠭᠦᠵᠦ ᠢᠳᠡᠬᠦ ᠨᠢ ᠦᠨᠡᠬᠡᠷ ᠰᠠᠶᠢᠨ︾ ᠭᠡᠵᠦ ᠵᠤᠭᠠᠴᠠᠭᠴᠢ ᠵᠠᠩ ᠵᠢᠩ ᠨᠠᠶᠢᠵᠠ ᠨᠠᠷ ᠲᠠᠢ ᠪᠠᠨ ᠭᠦᠵᠡᠯᠵᠡᠭᠡᠨ᠎ᠡ ᠲᠡᠭᠦᠵᠦ ᠠᠮᠲᠠᠯᠠᠬᠤ ᠶᠢᠨ ᠲᠠᠭᠠᠤ ᠶᠠᠷᠢᠨ᠎ᠠ᠃ ᠠᠭᠠᠷ ᠤᠨ ᠳᠤᠯᠠᠭᠠᠨ ᠳᠡᠭᠡᠭᠰᠢᠯᠡᠬᠦ ᠶᠢ ᠳᠠᠭᠠᠯᠳᠤᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠪᠠᠯᠭᠠᠰᠤ ᠶᠢᠨ ᠶᠤᠸᠠᠨ ᠰᠢᠨ ᠲᠣᠰᠬᠤᠨ ᠤ ᠭᠦᠵᠡᠯᠵᠡᠭᠡᠨ᠎ᠡ ᠶᠢᠨ ᠬᠦᠯᠡᠮᠵᠢ ᠨᠢ ᠬᠤᠳᠠ ᠶᠢᠨ ᠠᠷᠠᠳ ᠤᠨ ᠬᠥᠳᠡᠭᠡ ᠪᠠᠷ ᠵᠤᠭᠠᠴᠠᠬᠤ ᠭᠠᠵᠠᠷ ᠤᠨ ᠨᠢᠭᠡ ᠪᠤᠯᠵᠠᠢ᠃    ᠲᠠᠷᠢᠮᠠᠯ ᠤᠨ ᠡᠷᠦᠬᠡ ᠵᠦ ᠱᠧᠩ ᠭᠦᠸᠧ ᠶᠢᠨ ᠭᠦᠵᠡᠯᠵᠡᠭᠡᠨ᠎ᠡ ᠶᠢᠨ ᠬᠦᠯᠡᠮᠵᠢ ᠳᠤ ᠣᠷᠣᠬᠤ ᠳᠤ᠂ ᠠᠩᠬᠢᠯᠤᠮ᠎ᠠ ᠰᠠᠶᠢᠬᠠᠨ ᠦᠨᠦᠷ ᠬᠠᠩᠬᠤᠯᠵᠤ ᠪᠠᠶᠢᠯ᠎ᠠ᠃ ᠨᠣᠮᠢᠨ ᠨᠣᠭᠤᠭᠠᠨ ᠣᠷᠢᠶᠠᠩᠭᠤ ᠶᠢᠨ ᠬᠤᠭᠤᠷᠣᠨᠳᠣ ᠭᠠᠯ ᠤᠯᠠᠭᠠᠨ ᠭᠦᠵᠡᠯᠵᠡᠭᠡᠨ᠎ᠡ ᠶᠠᠭ ᠯᠠ ᠵᠢᠵᠢᠭ ᠳ᠋ᠧᠩᠯᠦ ᠰᠢᠭ ᠮᠥᠴᠢᠷ ᠳᠦᠭᠦᠷᠡᠩ ᠡᠯᠭᠦᠭᠳᠡᠵᠦ᠂ ᠭᠦᠵᠡᠯᠵᠡᠭᠡᠨ᠎ᠡ ᠶᠢᠨ ᠳᠡᠭᠡᠷᠡᠬᠢ ᠤᠰᠤᠨ ᠮᠥᠬᠦᠯᠢᠭ ᠨᠡᠷᠡᠨ ᠤ ᠭᠡᠷᠡᠯ ᠳᠤ ᠭᠢᠯᠠᠯᠵᠠᠨ᠎ᠠ᠃    ᠵᠦ ᠱᠧᠩ ᠭᠦᠸᠧ᠂ ᠬᠦᠯᠡᠮᠵᠢ ᠳᠠᠷᠢᠭᠠᠳ ᠨᠢᠭᠡᠨᠲᠡ 15 ᠵᠢᠯ ᠪᠣᠯᠪᠠ᠂ ᠲᠡᠳᠡᠨ ᠤ ᠬᠡᠷ ᠤᠨ ᠭᠦᠵᠡᠯᠵᠡᠭᠡᠨ᠎ᠡ ᠶᠢ ᠪᠥᠬᠦ ᠶᠠᠪᠤᠴᠠ ᠳᠤ ᠪᠣᠬᠢᠷᠲᠤᠯ ᠥᠬᠡᠶ ᠪᠠᠷ ᠳᠠᠷᠢᠵᠤ᠂ ᠥᠪᠡᠷ ᠢᠶᠠᠨ ᠴᠢᠬᠢ ᠪᠤᠶᠢᠵᠢᠭᠤᠯᠤᠨ᠂ ᠣᠷᠭᠠᠨᠢᠭ ᠪᠣᠷᠲᠣᠭᠤᠷ ᠣᠷᠣᠭᠤᠯᠵᠤ᠂ ᠬᠥᠮᠦᠨ ᠤ ᠬᠦᠴᠦ ᠪᠠᠷ ᠬᠤᠷᠣᠬᠠᠶ ᠠᠷᠢᠯᠭᠠᠵᠤ᠂ ᠭᠦᠵᠡᠯᠵᠡᠭᠡᠨ᠎ᠡ ᠶᠢ ᠴᠥᠮ ᠠᠮᠲᠠᠲᠠᠶ ᠰᠠᠶᠢᠬᠠᠨ ᠦᠨᠦᠷ ᠠᠮᠲᠠ ᠲᠠᠢ ᠪᠣᠯᠭᠠᠵᠠᠶ ᠭᠡᠵᠦ ᠲᠠᠨᠢᠯᠴᠠᠭᠤᠯᠪᠠ᠃ ᠲᠡᠷᠡ᠄ ︽ᠪᠢ 5 ᠬᠦᠯᠡᠮᠵᠢ ᠳᠤ ᠭᠦᠵᠡᠯᠵᠡᠭᠡᠨ᠎ᠡ ᠲᠠᠷᠢᠵᠠᠢ ᠂ ᠨᠢᠭᠡ ᠰᠠᠷ᠎ᠠ ᠶᠢᠨ ᠨᠢᠭᠡᠨ ᠠᠴᠠ 6 ᠰᠠᠷ᠎ᠠ ᠪᠣᠯᠲᠠᠯᠠᠬᠢ ᠬᠤᠭᠤᠴᠠᠭ᠎ᠠ ᠪᠣᠯ ᠪᠦᠷ ᠲᠡᠭᠦᠬᠦ ᠤᠯᠠᠷᠢᠯ ᠪᠣᠯᠤᠨ᠎ᠠ᠂ ᠭᠠᠷᠠᠭ ᠤᠨ ᠰᠡᠭᠦᠯᠴᠢ ᠳᠤ ᠠᠶᠢᠮᠠᠭ ᠤᠨ ᠳᠣᠲᠣᠨ᠎ᠠ ᠭᠠᠳᠠᠨᠠᠬᠢ ᠵᠤᠭᠠᠴᠠᠭᠴᠢ ᠦᠷᠭᠦᠯᠵᠢ ᠢᠷᠡᠵᠦ ᠲᠡᠭᠦᠳᠡᠭ᠃ ᠬᠦᠯᠡᠮᠵᠢ ᠶᠢᠨ ᠵᠢᠯ ᠤᠨ ᠣᠷᠣᠯᠭ᠎ᠠ 2 — 3 ᠲᠦᠮᠡᠨ ᠲᠥᠭᠦᠷᠢᠭ ᠲᠤ ᠬᠦᠷᠴᠦ᠂ ᠠᠮᠢᠳᠤᠷᠠᠯ ᠮᠠᠰᠢ ᠦᠭᠡᠳᠡᠷᠬᠡᠭ ᠪᠤᠯᠵᠠᠢ︾ ᠭᠡᠵᠦ ᠲᠡᠷᠡ ᠬᠡᠯᠡᠪᠡ᠃    ᠵᠠᠰᠠᠮᠠᠯ ᠵᠠᠮ ᠢᠶᠠᠷ ᠳᠡᠷᠭᠡ ᠲᠠᠪᠬᠢᠭᠤᠯᠤᠨ ᠤᠷᠤᠭᠰᠢᠯᠠᠬᠤ ᠳᠤ᠂ ᠵᠠᠮ ᠳᠠᠭᠠᠤ ᠶᠢᠨ ᠬᠡᠰᠡᠭ ᠬᠡᠰᠡᠭ ᠬᠦᠯᠡᠮᠵᠢ ᠨᠢ ᠨᠡᠷᠡᠨ ᠤ ᠭᠡᠷᠡᠯ ᠳᠤ ᠮᠥᠩᠭᠦᠨ ᠭᠡᠷᠡᠯ ᠰᠠᠴᠤᠷᠠᠭᠤᠯᠤᠨ᠎ᠠ᠃ ᠬᠤᠷᠴᠢᠨ ᠪᠠᠯᠭᠠᠰᠤ ᠶᠢᠨ ᠫᠢᠩ ᠠᠨ ᠲᠣᠰᠬᠤᠨ᠂ ᠯᠢᠦ ᠱᠤ᠋ ᠴᠤᠸᠠᠨ ᠲᠣᠰᠬᠤᠨ᠂ ᠶᠤᠸᠠᠨ ᠰᠢᠨ ᠲᠣᠰᠬᠤᠨ ᠤ ᠲᠠᠷᠢᠬᠰᠠᠨ 50 ᠰᠠᠭᠤᠷᠢ ᠭᠤᠸᠠ ᠵᠢᠮᠢᠰ ᠤᠨ ᠬᠦᠯᠡᠮᠵᠢ ᠨᠢ ᠬᠤᠳᠠ ᠶᠢᠨ ᠠᠷᠠᠳ ᠤᠨ ᠤᠢᠢᠷ᠎ᠠ ᠲᠡᠭᠦᠷᠭᠡ ᠶᠢᠨ ᠵᠤᠭᠠᠴᠠᠭᠰᠠᠳ ᠤᠨ ᠠᠩᠬᠠᠷᠣᠯ ᠢ ᠳᠠᠳᠠᠵᠠᠢ᠃ ᠭᠦᠵᠡᠯᠵᠡᠭᠡᠨ᠎ᠡ ᠲᠡᠭᠦᠬᠦ ᠤᠯᠠᠷᠢᠯ ᠪᠣᠯᠬᠤ ᠪᠦᠷᠢ᠂ ᠵᠤᠭᠠᠴᠠᠭᠰᠠᠳ ᠬᠤᠶᠢᠨ᠎ᠠ ᠬᠤᠶᠢᠨ᠎ᠠ ᠠᠴᠠ ᠪᠠᠨ ᠬᠦᠷᠦᠯᠴᠡᠨ ᠢᠷᠡᠵᠡᠭᠡᠳᠡᠭ᠃ ᠰᠢᠨ᠎ᠡ ᠰᠣᠷᠭᠤᠭ ᠭᠦᠵᠡᠯᠵᠡᠭᠡᠨ᠎ᠡ ᠨᠢ ᠵᠤᠭᠠᠴᠠᠭᠰᠠᠳ ᠤᠨ ᠮᠠᠰᠢᠨ ᠳᠡᠷᠭᠡᠨ ᠤ ᠠᠷᠤ ᠶᠢᠨ ᠠᠪᠳᠠᠷ᠎ᠠ ᠶᠢ ᠳᠦᠭᠦᠷᠭᠡᠭᠰᠡᠨ ᠢᠶᠠᠷ ᠪᠠᠷᠠᠬᠤ ᠦᠭᠡᠢ᠂ ᠲᠠᠷᠢᠮᠠᠯ ᠤᠨ ᠡᠷᠦᠬᠡ ᠶᠢᠨ ᠵᠤᠭᠤᠰᠤᠨ ᠴᠦᠩᠭᠬᠦ ᠶᠢ ᠴᠦ ᠲᠦᠭᠦᠷᠭᠡᠵᠦ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号