| 4 ᠰᠠᠷ᠎ᠠ ᠶᠢᠨ 14 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠶ ᠰᠢᠭᠤᠶ ᠨᠤᠳᠤᠭ | ᠪᠡᠯᠴᠢᠭᠡᠷ ᠢ ᠡᠪᠳᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ | ᠳᠠᠶᠢᠴᠢᠯᠠᠯᠲᠠ ᠶᠢᠨ ᠬᠤᠷᠠᠯ ᠵᠢᠴᠢ ᠮᠠᠯ ᠪᠡᠯᠴᠢᠭᠡᠷ ᠢ ᠲᠡᠩᠴᠡᠭᠦᠷᠢᠳᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ | ᠵᠣᠭᠰᠣᠭᠠᠵᠤ ᠪᠡᠯᠴᠢᠭᠡᠷ ᠢ ᠰᠡᠷᠭᠦᠭᠡᠬᠦ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠪᠠ᠃ ᠭᠢᠩᠭᠠᠨ | ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ | ᠬᠤᠷᠢᠶᠠᠨ ᠤ ᠱᠦᠵᠢ ᠰᠦᠨ ᠱᠤ᠋ ᠲᠤᠤ᠂ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ | ᠲᠤᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠸᠠᠩ ᠵᠢᠶᠠ ᠪᠥᠸᠧ ᠬᠤᠷᠠᠯ ᠳᠤ ᠣᠷᠣᠯᠴᠠᠵᠠᠶ᠃ | ᠬᠤᠷᠠᠯ ᠠᠴᠠ ᠣᠷᠣᠨ᠂ ᠠᠶᠢᠮᠠᠭ ᠤᠨ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠶ ᠰᠢᠭᠤᠶ ᠨᠤᠳᠤᠭ ᠪᠡᠯᠴᠢᠭᠡᠷ ᠢ | ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ | ᠠᠵᠢᠯ ᠤᠨ ᠲᠥᠰᠦᠯ︾ ᠳᠤ ᠲᠠᠶᠢᠯᠤᠮᠵᠢ ᠬᠢᠭᠰᠡᠨ ᠪᠥᠭᠡᠳ ᠲᠠᠷᠠᠭᠠᠴᠢ ᠶᠢᠨ ᠠᠯᠬᠤᠮ ᠳᠤ ᠣᠶ ᠰᠢᠭᠤᠶ ᠨᠤᠳᠤᠭ | ᠪᠡᠯᠴᠢᠭᠡᠷ ᠢ ᠡᠪᠳᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠮᠠᠯ ᠪᠡᠯᠴᠢᠭᠡᠷ ᠢ | ᠲᠡᠩᠴᠡᠭᠦᠷᠢᠳᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠡᠯ᠎ᠡ ᠵᠦᠢᠯ ᠤᠨ | ᠠᠵᠢᠯ ᠢ ᠰᠠᠶᠢᠲᠤᠷ ᠬᠢᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠲᠥᠪᠯᠡᠷᠡᠭᠦᠯᠦᠨ ᠴᠡᠭᠴᠡᠯᠡᠨ ᠵᠠᠰᠠᠬᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ | ᠲᠤᠯᠭᠠᠮ᠎ᠠ ᠰᠡᠳᠬᠢᠯᠭᠡ᠂ ᠲᠦᠭᠰᠢᠭᠦᠷᠢᠲᠦ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ᠃ ᠣᠶ ᠰᠢᠭᠤᠶ | ᠨᠤᠳᠤᠭ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ | ᠴᠡᠭᠴᠡᠯᠡᠨ ᠵᠠᠰᠠᠬᠤ ᠠᠵᠢᠯ ᠤᠨ ᠲᠡᠷᠢᠭᠦᠨ ᠴᠢᠬᠤᠯᠠ ᠡᠭᠦᠷᠭᠡ ᠶᠢ ᠲᠣᠳᠣᠷᠬᠠᠶᠢᠯᠠᠵᠤ᠂ ︽ᠲᠦᠷᠭᠡᠨ᠂ ᠴᠢᠩᠭ᠎ᠠ᠂ | ᠨᠠᠷᠢᠯᠢᠭ︾ ᠴᠢᠭᠯᠡᠯᠲᠡ ᠶᠢᠨ ᠲᠣᠭᠤᠷᠢᠨ ᠳᠤ ᠭᠦᠢᠴᠡᠳ ᠬᠦᠴᠦ ᠣᠷᠣᠭᠤᠯᠵᠤ᠂ ᠡᠯ᠎ᠡ ᠵᠦᠢᠯ ᠤᠨ ᠠᠵᠢᠯ ᠤᠨ ᠨᠠᠷᠢᠨ | ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠣᠶ ᠰᠢᠭᠤᠶ ᠨᠤᠳᠤᠭ ᠪᠡᠯᠴᠢᠭᠡᠷ ᠢ | ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠨ᠎ᠡ ᠪᠠᠷ ᠨᠡᠮᠡᠭᠳᠡᠭᠦᠯᠬᠦ ᠶᠢ ᠡᠬᠢ | ᠡᠭᠦᠰᠦᠯ ᠠᠴᠠ ᠨᠢ ᠬᠤᠷᠢᠭᠯᠠᠬᠤ ᠬᠡᠷᠡᠭᠲᠡᠶ᠃ ᠬᠠᠷᠠᠯᠲᠠ ᠪᠠᠨ ᠲᠣᠭᠲᠠᠭᠠᠵᠤ᠂ ᠮᠠᠯ ᠪᠡᠯᠴᠢᠭᠡᠷ ᠢ ᠲᠡᠩᠴᠡᠭᠦᠷᠢᠳᠡᠢ | ᠪᠠᠶᠢᠯᠭᠠᠬᠤ ᠲᠦᠷᠢᠮ ᠪᠠ ᠪᠡᠯᠴᠢᠭᠡᠷ ᠢ ᠰᠡᠷᠭᠦᠭᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠠᠭᠠᠭᠠᠴᠠ ᠠᠴᠠ | ᠬᠡᠲᠦᠷᠡᠭᠰᠡᠨ ᠮᠠᠯ ᠤᠨ ᠲᠤᠭ᠎ᠠ ᠬᠡᠮᠵᠢᠶ᠎ᠡ ᠶᠢ ᠪᠥᠬᠦ ᠲᠠᠯ᠎ᠠ ᠪᠠᠷ ᠣᠶᠢᠯᠠᠭᠠᠵᠤ᠂ ᠣᠭᠲᠣ ᠠᠭᠤᠴᠢᠯᠠᠬᠤ ᠥᠬᠡᠶ | ᠣᠪᠣᠷ ᠢᠶᠠᠷ ᠣᠶ ᠰᠢᠭᠤᠶ ᠨᠤᠳᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠡᠯ᠎ᠡ ᠲᠥᠷᠥᠯ ᠤᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠶ ᠰᠢᠭᠤᠶ ᠨᠤᠳᠤᠭ | ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠷᠭᠦᠯᠵᠢᠯᠡᠨ | ᠳᠡᠭᠡᠭᠰᠢᠯᠡᠭᠦᠯᠬᠦ ᠬᠡᠷᠡᠭᠲᠡᠶ᠃ ᠤᠬᠠᠭᠤᠯᠤᠨ ᠬᠥᠲᠥᠯᠦᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠡᠯ᠎ᠡ | ᠲᠥᠷᠥᠯ ᠤᠨ ᠤᠬᠠᠭᠤᠯᠭ᠎ᠠ ᠶᠢᠨ ᠠᠷᠭ᠎ᠠ ᠵᠠᠮ ᠢ ᠭᠦᠢᠴᠡᠳ ᠠᠰᠢᠭᠯᠠᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠢ ᠲᠦᠭᠡᠮᠡᠯᠵᠢᠭᠦᠯᠦᠨ᠂ ᠵᠥᠪ ᠣᠨᠣᠪᠴᠢᠲᠠᠶ ᠪᠦᠭᠡᠳ ᠨᠢᠭᠡᠳᠦᠯᠲᠡᠶ ᠲᠠᠶᠢᠯᠪᠤᠷᠢᠯᠠᠵᠤ᠂ ᠥᠷᠭᠡᠨ ᠣᠯᠠᠨ | ᠲᠦᠮᠡᠨ ᠤ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠣᠯᠠᠨ ᠲᠦᠮᠡᠨ ᠢ | ᠬᠥᠲᠥᠯᠦᠨ ᠵᠢᠯᠣᠭᠤᠳᠴᠤ ᠪᠠᠶᠢᠭᠠᠳ ᠴᠡᠭᠴᠡᠯᠡᠨ ᠵᠠᠰᠠᠬᠤ ᠠᠵᠢᠯ ᠢ ᠤᠬᠠᠮᠰᠠᠷ ᠠᠴᠠ ᠪᠠᠨ ᠳᠡᠮᠵᠢᠬᠦ ᠪᠠ | ᠬᠠᠮᠵᠢᠯᠴᠠᠭᠤᠯᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ | ᠲᠣᠭᠲᠠᠴᠠ ᠪᠠ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠤᠨ᠂ ᠬᠠᠮᠢᠶ᠎ᠠ ᠪᠥᠬᠦᠶ ᠬᠤᠰᠢᠭᠤᠨ ᠤ ᠲᠠᠰ ᠤᠨ | ᠤᠳᠤᠷᠢᠳᠤᠯᠭ᠎ᠠ᠂ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠪᠣᠯᠤᠨ ᠡᠯ᠎ᠡ ᠠᠵᠢᠯ ᠤᠨ ᠳᠤᠭᠤᠶᠢᠯᠠᠩ ᠤᠨ ᠬᠢᠨ | ᠬᠠᠮᠳᠤᠷᠠᠯ ᠤᠨ ᠬᠦᠴᠦᠨ ᠢ ᠪᠦᠷᠢᠯᠳᠦᠭᠦᠯᠵᠦ᠂ ᠪᠥᠬᠦ ᠬᠤᠰᠢᠭᠤᠨ ᠤ ᠣᠶ ᠰᠢᠭᠤᠶ ᠨᠤᠳᠤᠭ ᠪᠡᠯᠴᠢᠭᠡᠷ ᠢ ᠡᠪᠳᠡᠭᠰᠡᠨ | ᠦᠢᠯᠡ ᠠᠵᠢᠯᠯᠠᠭ᠎ᠠ ᠶᠢ ᠬᠤᠷᠢᠭᠯᠠᠬᠤ ᠶᠡᠷᠦᠩᠬᠡᠶ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠰᠠᠬᠢᠨ ᠬᠠᠮᠠᠭᠠᠯᠠᠬᠤ | ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ᠂ ᠡᠯ᠎ᠡ ᠰᠤᠮᠤ ᠰᠢᠶᠠᠩ ᠪᠠᠯᠭᠠᠰᠤ ︵ᠲᠥᠪ︶ ᠪᠣᠯᠤᠨ ᠬᠤᠰᠢᠭᠤᠨ ᠳᠤ ᠰᠠᠭᠤᠭ᠎ᠠ ᠤᠯᠤᠰ ᠤᠨ | ᠲᠠᠷᠢᠶᠠᠯᠠᠩ ᠮᠠᠯᠵᠢᠯ ᠤᠨ ᠲᠠᠯᠠᠪᠠᠶ ᠨᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠠᠢ ︽ᠣᠶ ᠰᠢᠭᠤᠶ | ᠨᠤᠳᠤᠭ ᠪᠡᠯᠴᠢᠭᠡᠷ ᠢ ᠡᠪᠳᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ | ᠬᠠᠷᠢᠭᠤᠴᠠᠯᠭ᠎ᠠ ᠶᠢᠨ ᠪᠢᠴᠢᠭ︾ ᠪᠣᠯᠤᠨ ︽ᠮᠠᠯ ᠪᠡᠯᠴᠢᠭᠡᠷ ᠢ ᠲᠡᠩᠴᠡᠭᠦᠷᠢᠳᠡᠢ ᠪᠠᠶᠢᠯᠭᠠᠬᠤ ᠵᠢᠴᠢ | ᠪᠡᠯᠴᠢᠭᠡᠷᠯᠡᠭᠦᠯᠬᠦ ᠶᠢ ᠵᠤᠭᠰᠤᠭᠠᠵᠦ ᠪᠡᠯᠴᠢᠭᠡᠷ ᠢ ᠰᠡᠷᠭᠦᠭᠡᠬᠦ ᠠᠵᠢᠯ ᠤᠨ ᠬᠠᠷᠢᠭᠤᠴᠠᠯᠭ᠎ᠠ ᠶᠢᠨ ᠪᠢᠴᠢᠭ︾ ᠲᠤ | ᠭᠠᠷ ᠤᠨ ᠥᠰᠥᠭ ᠵᠢᠷᠤᠪᠠ᠃ |