ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠴᠤᠸᠠᠩ ᠳ᠋ᠠ ᠰᠲ᠋ᠣᠺ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠶᠠᠷᠢᠯᠴᠠᠬᠤ ᠬᠤᠷᠠᠯ ᠬᠢᠵᠡᠢ
ᠨᠡᠶᠢᠲᠡᠯᠡᠭᠰᠡᠨ ᠴᠠᠭ᠄
2025/4/16
    4 ᠰᠠᠷ᠎ᠠ ᠶᠢᠨ 15 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠤᠨ ᠴᠤᠸᠠᠩ ᠳ᠋ᠠ ᠰᠲ᠋ᠣᠺ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ ᠰᠣᠯᠢᠯᠴᠠᠨ ᠶᠠᠷᠢᠯᠴᠠᠬᠤ ᠬᠤᠷᠠᠯ ᠬᠢᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ᠂ ᠴᠤᠸᠠᠩ ᠳ᠋ᠠ ᠰᠲ᠋ᠣᠺ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠢᠶᠧ ᠬᠤᠶ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃      ᠰᠢᠶᠧ ᠬᠤᠶ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠢᠷᠡᠭᠡᠳᠦᠶ ᠥᠷᠭᠡᠨ ᠠᠭᠤᠳᠠᠮ ᠪᠠᠶᠢᠨ᠎ᠠ᠂ ᠠᠵᠤ ᠠᠬᠤᠶᠢᠯᠠᠯ ᠤᠨ ᠬᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠰᠢᠵᠢᠷ ᠠᠯᠲᠠᠨ ᠬᠤᠭᠤᠴᠠᠭ᠎ᠠ ᠶᠢ ᠠᠮᠵᠢᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠴᠢᠬᠤᠯᠠ ᠡᠯᠧᠮᠧᠨ᠋ᠲ ᠤᠨ ᠪᠠᠲᠤᠯᠠᠭ᠎ᠠ᠂ ᠰᠢᠨ᠎ᠡ ᠡᠨᠧᠷᠭᠢ ᠶᠢᠨ ᠢᠵᠢ ᠪᠦᠷᠢᠳᠦᠭᠦᠯᠬᠦ ᠲᠠᠯ᠎ᠠ ᠪᠠᠷ ᠦᠷᠭᠦᠯᠵᠢᠯᠡᠨ ᠳᠡᠮᠵᠢᠯᠭᠡ ᠦᠵᠡᠭᠦᠯᠵᠦ᠂ ᠲᠥᠷᠥᠯ ᠵᠦᠢᠯ ᠤᠨ ᠪᠣᠳᠠᠲᠠᠶ ᠳᠤ ᠨᠠᠶᠢᠳᠠᠪᠤᠷᠢᠵᠢᠭᠳᠠᠨ ᠦᠷ᠎ᠡ ᠪᠦᠲᠦᠮᠵᠢ ᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃    ᠯᠢᠦ ᠬᠠᠶ ᠲᠤᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠴᠤᠸᠠᠩ ᠳ᠋ᠠ ᠰᠲ᠋ᠣᠺ ᠡᠵᠡᠮᠳᠡᠬᠦ ᠪᠦᠯᠦᠭᠯᠡᠯ ᠯᠦᠭᠡ ᠶᠢᠨ ᠬᠠᠮᠲᠤᠷᠠᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠦᠷᠦᠯ ᠵᠦᠢᠯ ᠢ ᠠᠬᠢᠭᠤᠯᠬᠤ ᠳᠤ ᠰᠢᠯᠢᠳᠡᠭ ᠦᠢᠯᠡᠴᠢᠯᠡᠭᠡ ᠪᠣᠯᠤᠨ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠪᠦᠬᠦ ᠬᠦᠴᠦᠨ ᠢᠶᠠᠷ ᠢᠶᠠᠨ ᠬᠠᠩᠭᠠᠨ᠎ᠠ᠂ ᠬᠤᠶᠠᠷ ᠲᠠᠯ᠎ᠠ ᠪᠠᠷ ᠢᠶᠠᠨ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠦᠨᠡᠨᠴᠢ ᠭᠦᠨᠵᠡᠭᠡᠢ ᠤᠯᠤᠯᠴᠠᠨ ᠰᠣᠯᠢᠯᠴᠠᠵᠤ᠂ ᠥᠨᠳᠥᠷ ᠪᠦᠲᠦᠮᠵᠢᠲᠡᠢ ᠠᠵᠢᠯ ᠤᠨ ᠲᠣᠭᠲᠠᠴᠠ ᠶᠢ ᠪᠠᠶᠢᠭᠤᠯᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠣᠬᠢᠶᠠᠯᠳᠤᠭᠰᠠᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠶᠢ ᠬᠦᠰᠡᠵᠦ ᠪᠠᠶᠢᠨ᠎ᠠ ᠭᠡᠵᠡᠢ᠃    ᠶᠠᠷᠢᠯᠴᠠᠬᠤ ᠬᠤᠷᠠᠯ ᠳᠡᠭᠡᠷ᠎ᠡ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠠᠵᠤ ᠠᠬᠤᠶᠢᠯᠠᠯ ᠤᠨ ᠲᠥᠷᠥᠯ ᠵᠦᠢᠯ ᠢ ᠠᠬᠢᠭᠤᠯᠬᠤ ᠳᠤᠮᠳᠠ ᠳᠤᠷᠠᠳᠤᠭᠰᠠᠨ ᠪᠣᠳᠠᠲᠠᠶ ᠠᠰᠠᠭᠤᠳᠠᠯ ᠳᠤ ᠴᠢᠭᠯᠡᠭᠦᠯᠦᠨ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号