︽ᠲᠠᠪᠦᠨ ᠨᠢᠬᠡ︾ ᠤᠯᠠᠨ ᠲᠦᠮᠡᠨᠴᠢ ᠠᠵᠢᠯ ᠤᠨ ᠠᠷᠭ᠎ᠠ ᠪᠠᠷ ᠦᠨᠳᠦᠰᠦᠨ ᠱᠠᠳᠦᠨ ᠤ ᠵᠠᠰᠠᠯᠳᠠ ᠶᠢᠨ ᠰᠢᠨ᠎ᠠ ᠵᠠᠮ ᠢ ᠰᠦᠪᠡᠭᠴᠢᠯᠡᠵᠦ ᠪᠤᠢ
ᠨᠡᠶᠢᠲᠡᠯᠡᠭᠰᠡᠨ ᠴᠠᠭ᠄
2025/4/16
        ᠬᠢᠨᠭ᠍ᠭᠠᠨ ᠠᠶᠢᠮᠠᠭ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠡᠬᠦᠨ ᠬᠤᠶᠢᠳᠤ ᠬᠡᠰᠡᠭ ᠲᠤ ᠪᠠᠶᠢᠷᠢᠯᠠᠵᠦ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠬᠰᠠᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠵᠠᠰᠠᠭ ᠤᠨ ᠤᠷᠳᠤᠨ ᠮᠡᠨᠳᠦᠯᠡᠭᠰᠡᠨ ᠭᠠᠵᠠᠷ ᠪᠠ ᠨᠠᠮ ᠤᠨ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠲᠦᠷᠢᠮ ᠢ ᠬᠠᠮᠤᠭ ᠡᠷᠳᠡ ᠦᠢᠯᠡᠳᠦᠯᠬᠡᠵᠢᠬᠦᠯᠦᠭᠰᠡᠨ ᠭᠠᠵᠠᠷ ᠪᠤᠯᠬᠤ ᠶᠤᠮ᠃ ᠤᠶᠢᠷ᠎ᠠ ᠶᠢᠨ ᠬᠡᠳᠦᠨ ᠵᠢᠯ᠂ ᠬᠢᠨᠭ᠍ᠭᠠᠨ ᠠᠶᠢᠮᠠᠭ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠠᠵᠢᠯ ᠤᠨ ᠭᠤᠤᠯ ᠰᠢᠵᠢᠮ ᠤᠨ ᠲᠤᠭᠤᠷᠢᠨ ᠳᠤ᠂ ︽ᠲᠠᠪᠦᠨ ᠨᠢᠬᠡ︾ ᠤᠯᠠᠨ ᠲᠦᠮᠡᠨᠴᠢ ᠠᠵᠢᠯ ᠤᠨ ᠠᠷᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠵᠦ᠂ ᠡᠨᠡᠬᠦ ᠤᠨᠤᠯᠵᠢᠬᠤᠨ ᠢ ᠦᠨᠳᠦᠰᠦᠨ ᠱᠠᠳᠦᠨ ᠤ ᠵᠠᠰᠠᠯᠳᠠ ᠶᠢᠨ ᠪᠦᠬᠦ ᠶᠠᠪᠤᠴᠠ ᠪᠦᠬᠦ ᠲᠠᠯ᠎ᠠ ᠳᠤ ᠲᠤᠭᠤᠰᠢᠯᠠᠭᠤᠯᠵᠦ᠂ ᠠᠵᠢᠯ ᠤᠨ ᠱᠤᠭᠤᠮ ᠢᠶᠠᠨ ᠲᠤᠭᠤᠰᠢᠯᠠᠭᠤᠯᠬᠤ ᠪᠤᠯᠤᠨ ᠦᠨᠳᠦᠰᠦᠨ ᠱᠠᠳᠦᠨ ᠤ ᠵᠠᠰᠠᠯᠳᠠ ᠳᠤ ᠬᠦᠨᠵᠡᠬᠡᠢ ᠠᠭᠤᠰᠤᠯᠴᠠᠭᠤᠯᠬᠤ ᠰᠢᠨ᠎ᠠ ᠵᠠᠮ ᠢ ᠰᠦᠪᠡᠭᠴᠢᠯᠡᠵᠡᠢ᠃    ᠲᠦᠷᠦᠬᠦᠬᠡᠨ᠂ ᠤᠯᠠᠭᠠᠨᠬᠤᠳᠠ ᠶᠢᠨ ᠱᠧᠩᠯᠢ ᠵᠡᠬᠡᠯᠢ ᠶᠢᠨ ᠠᠨ ᠵᠢᠤᠢ ᠨᠡᠶᠢᠬᠡᠮ ᠲᠤᠭᠤᠷᠢᠭ ᠤᠨ ᠨᠠᠮ ᠤᠨ ᠬᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠦᠪ ᠲᠤ ᠡᠷᠬᠢᠯᠡᠭᠰᠡᠨ ᠴᠠᠢ ᠶᠢᠨ ᠤᠷᠠᠯᠢᠭ ᠤᠨ ᠬᠢᠴᠢᠶᠡᠯ᠂ ᠶᠠᠳᠤᠭ᠎ᠠ ᠶᠢᠨ ᠬᠢᠴᠢᠶᠡᠯ᠂ ᠪᠦᠵᠢᠭ ᠤᠨ ᠬᠢᠴᠢᠶᠡᠯ ᠵᠡᠷᠭᠡ ᠪᠠᠶᠠᠯᠢᠭ ᠠᠭᠤᠯᠭ᠎ᠠ ᠲᠠᠢ ᠨᠡᠶᠢᠳᠡ ᠶᠢᠨ ᠠᠰᠠᠷᠠᠮᠵᠢ ᠶᠢᠨ ᠬᠢᠴᠢᠶᠡᠯ ᠨᠢ ᠤᠯᠠᠨ ᠤ ᠠᠩᠬᠠᠷᠦᠯ ᠢ ᠲᠠᠳᠠᠵᠦ ᠪᠠᠶᠢᠯ᠎ᠠ᠃ ᠡᠯ᠎ᠡ ᠦᠨᠳᠦᠰᠦᠳᠡᠨ ᠤ ᠤᠯᠠᠨ ᠲᠦᠮᠡᠨ ᠤ ᠤᠯᠠᠨ ᠲᠠᠪᠬᠤᠷᠭ᠎ᠠ ᠶᠢᠨ ᠰᠤᠶᠤᠯ ᠤᠨ ᠱᠠᠭᠠᠷᠳᠠᠯᠭ᠎ᠠ ᠶᠢ ᠬᠠᠨᠭ᠍ᠭᠠᠬᠤ ᠶᠢᠨ ᠲᠦᠯᠦᠬᠡ᠂ ᠱᠧᠩᠯᠢ ᠵᠡᠬᠡᠯᠢ ᠨᠢ ᠨᠡᠶᠢᠬᠡᠮ ᠲᠤᠭᠤᠷᠢᠭ ᠤᠨ 1500 ᠭᠠᠷᠦᠢ ᠲᠡᠭᠰᠢ ᠲᠦᠷᠪᠡᠯᠵᠢᠨ ᠮᠧᠲᠷ ᠤᠨ ᠦᠷᠦᠬᠡᠨ ᠲᠤᠳᠤᠷᠠᠬᠢ ᠠᠵᠢᠯᠯᠠᠬᠤ ᠦᠷᠦᠬᠡ ᠶᠢ ᠨᠡᠶᠢᠳᠭᠡᠵᠦ᠂ ᠠᠨᠠᠷ ᠤᠨ ᠦᠷ᠎ᠡ ᠪᠦᠵᠢᠭ ᠤᠨ ᠦᠷᠦᠬᠡ᠂ ᠤᠷᠠᠨ ᠪᠢᠴᠢᠯᠬᠡ ᠤᠷᠠᠨ ᠵᠢᠷᠤᠭ ᠤᠨ ᠦᠷᠦᠬᠡ᠂ ᠪᠡᠶ᠎ᠡ ᠲᠠᠮᠢᠷ ᠤᠨ ᠬᠦᠳᠡᠯᠬᠡᠬᠡᠨ ᠤ ᠦᠷᠦᠬᠡ ᠵᠡᠷᠭᠡ ᠴᠢᠳᠠᠪᠬᠢᠳᠤ ᠦᠷᠦᠬᠡ ᠲᠤᠬᠢᠷᠠᠭᠤᠯᠵᠠᠢ᠃ ᠡᠬᠦᠨ ᠤ ᠬᠠᠮᠳᠤ᠂ ︽ᠲᠤᠮᠳᠠᠳᠤ ᠶᠢᠨ ᠰᠤᠶᠤᠯ ᠢ ᠤᠯᠠᠨ ᠢᠶᠠᠷ ᠢᠶᠠᠨ ᠰᠤᠷᠤᠯᠴᠠᠶ᠎ᠠ︾ ︽ᠠᠨᠠᠷ ᠤᠨ ᠦᠷ᠎ᠡ ᠠᠶᠢᠯ ᠰᠠᠭᠠᠬᠠᠯᠳᠠ ᠶᠢᠨ ᠰᠤᠶᠤᠯ ᠤᠨ ᠴᠤᠬᠯᠠᠭᠠᠨ︾ ᠵᠡᠷᠭᠡ ᠡᠯ᠎ᠡ ᠲᠦᠷᠦᠯ ᠤᠨ ᠠᠵᠢᠯᠯᠠᠭ᠎ᠠ ᠦᠷᠨᠢᠬᠦᠯᠵᠦ᠂ ᠬᠠᠷᠢᠶᠠᠳᠤ ᠤᠷᠤᠨ ᠤ ᠡᠯ᠎ᠡ ᠦᠨᠳᠦᠰᠦᠳᠡᠨ ᠤ ᠤᠯᠠᠨ ᠲᠦᠮᠡᠨ ᠳᠤ ᠲᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠤᠨ ᠷᠢᠳᠢ ᠰᠢᠳᠢ ᠶᠢ ᠮᠡᠳᠡᠷᠡᠬᠦᠯᠵᠡᠢ᠃    ᠱᠧᠩᠯᠢ ᠵᠡᠬᠡᠯᠢ ᠶᠢᠨ ᠠᠨ ᠵᠢᠤᠢ ᠨᠡᠶᠢᠬᠡᠮ ᠲᠤᠭᠤᠷᠢᠭ ᠤᠨ ᠫᠧᠩ ᡁᠢ ᠬᠤᠩ᠄ ︽ᠪᠢ ᠠᠨ ᠵᠢᠤᠢ ᠨᠡᠶᠢᠬᠡᠮ ᠲᠤᠭᠤᠷᠢᠭ ᠲᠤ ᠶᠠᠳᠤᠭ᠎ᠠ ᠬᠦᠭᠵᠢᠮᠳᠡᠬᠦ ᠶᠢ ᠰᠤᠷᠤᠯᠴᠠᠭᠠᠳ ᠬᠠᠭᠠᠰ ᠵᠢᠯ ᠪᠤᠯᠵᠦ ᠪᠠᠶᠢᠨ᠎ᠠ᠃ ᠪᠢ ᠶᠠᠳᠤᠭ᠎ᠠ ᠬᠦᠭᠵᠢᠮᠳᠡᠬᠦ ᠮᠡᠷᠬᠡᠵᠢᠯ ᠰᠤᠷᠤᠯᠴᠠᠬᠰᠠᠨ ᠢᠶᠠᠷ ᠪᠠᠷᠠᠬᠤ ᠦᠬᠡᠢ ᠤᠯᠠᠮᠵᠢᠯᠠᠯᠳᠤ ᠬᠦᠭᠵᠢᠮᠳᠡᠬᠦᠷ ᠲᠤ ᠵᠤᠬᠢᠬᠤ ᠤᠶᠢᠯᠠᠭᠠᠯᠳᠠ ᠲᠠᠢ ᠪᠤᠯᠵᠠᠢ᠃ ᠪᠠᠰᠠ ᠡᠯ᠎ᠡ ᠦᠨᠳᠦᠰᠦᠳᠡᠨ ᠤ ᠡᠬᠡᠴᠢ ᠲᠡᠬᠦᠦ ᠨᠠᠷ ᠲᠠᠢ ᠲᠠᠨᠢᠯᠴᠠᠵᠦ᠂ ᠲᠦᠢᠯ ᠤᠨ ᠪᠠᠶᠠᠷ ᠬᠦᠷ ᠲᠠᠢ ᠪᠠᠶᠢᠨ᠎ᠠ︕︾ ᠬᠡᠵᠦ ᠶᠠᠷᠢᠵᠦ ᠪᠠᠶᠢᠯ᠎ᠠ᠃    ᠡᠳᠡᠭᠡᠷ ᠨᠢ ᠪᠦᠷ ᠬᠢᠨᠭ᠍ᠭᠠᠨ ᠠᠶᠢᠮᠠᠭ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤ ᠴᠤᠬᠴᠠᠯᠠᠬᠤ ᠪᠠᠷ ᠭᠤᠤᠯ ᠰᠢᠵᠢᠮ ᠪᠤᠯᠭᠠᠵᠦ᠂ ᠡᠯ᠎ᠡ ᠦᠨᠳᠦᠰᠦᠳᠡᠨ ᠤ ᠤᠯᠠᠨ ᠲᠦᠮᠡᠨ ᠤ ᠰᠤᠶᠤᠯ᠂ ᠠᠵᠦ ᠠᠬᠤᠢ᠂ ᠨᠡᠶᠢᠬᠡᠮ᠂ ᠰᠡᠳᠬᠢᠴᠡ ᠵᠡᠷᠭᠡ ᠨᠡᠶᠢᠬᠡᠮ ᠤᠨ ᠪᠦᠳᠦᠴᠡ ᠶᠢᠨ ᠡᠯ᠎ᠡ ᠲᠠᠪᠬᠤᠷᠭ᠎ᠠ ᠡᠯ᠎ᠡ ᠬᠦᠷᠢᠶᠡᠨ ᠳᠤ ᠬᠠᠷᠢᠯᠴᠠᠨ ᠠᠭᠤᠰᠤᠯᠴᠠᠬᠤ ᠶᠢ ᠠᠬᠢᠭᠤᠯᠵᠦ᠂ ᠡᠯ᠎ᠡ ᠦᠨᠳᠦᠰᠦᠳᠡᠨ ᠤ ᠤᠯᠠᠨ ᠲᠦᠮᠡᠨ ᠤ ᠦᠷᠬᠡᠨ ᠢᠶᠠᠷ ᠶᠠᠪᠤᠯᠴᠠᠨ ᠬᠦᠨᠵᠡᠬᠡᠢ ᠠᠭᠤᠰᠤᠯᠴᠠᠬᠰᠠᠨ ᠠᠮᠢᠳᠤᠯᠢᠭ ᠦᠢᠯᠡᠳᠦᠯᠬᠡ ᠪᠤᠯᠬᠤ ᠶᠤᠮ᠃ ︽ᠲᠠᠪᠦᠨ ᠨᠢᠬᠡ︾ ᠤᠯᠠᠨ ᠲᠦᠮᠡᠨᠴᠢ ᠠᠵᠢᠯ ᠤᠨ ᠠᠷᠭ᠎ᠠ ᠬᠡᠳᠡᠭ ᠨᠢ ᠲᠠᠷᠦᠢ ᠭᠠᠴᠠᠭ᠎ᠠ ᠲᠤᠰᠬᠤᠨ᠂ ᠬᠤᠳᠠ ᠶᠢᠨ ᠨᠡᠶᠢᠬᠡᠮ ᠲᠤᠭᠤᠷᠢᠭ᠂ ᠪᠠᠶᠢᠭᠤᠯᠭ᠎ᠠ ᠨᠢᠬᠡᠴᠢ᠂ ᠠᠵᠦ ᠠᠬᠤᠶᠢᠯᠠᠯ᠂ ᠰᠤᠷᠭᠠᠭᠤᠯᠢ ᠵᠡᠷᠭᠡ ᠦᠨᠳᠦᠰᠦᠨ ᠱᠠᠳᠦᠨ ᠤ ᠨᠢᠬᠡᠴᠢ ᠶᠢᠨ ᠲᠤᠭᠤᠷᠢᠨ ᠳᠤ᠂ ᠤᠯᠠᠷᠢᠯ ᠪᠦᠷᠢ ᠨᠢᠬᠡ ᠤᠳᠠᠭᠠᠨ ᠤ ᠤᠯᠠᠨ ᠲᠦᠮᠡᠨᠴᠢ ᠬᠦᠮᠦᠵᠢᠯ ᠦᠢᠯᠡᠳᠦᠯᠬᠡ ᠶᠢᠨ ᠠᠵᠢᠯᠯᠠᠭ᠎ᠠ ᠦᠷᠨᠢᠬᠦᠯᠬᠦ᠂ ᠨᠢᠬᠡ ᠤᠳᠠᠭᠠᠨ ᠤ ᠠᠵᠦ ᠦᠢᠯᠡᠰ ᠤᠨ ᠬᠦᠭᠵᠢᠯᠳᠡ ᠶᠢᠨ ᠠᠵᠢᠯᠯᠠᠭ᠎ᠠ ᠦᠷᠨᠢᠬᠦᠯᠬᠦ᠂ ᠨᠢᠬᠡ ᠤᠳᠠᠭᠠᠨ ᠤ ᠰᠤᠶᠤᠯ ᠤᠨ ᠰᠤᠯᠢᠯᠴᠠᠭᠠᠨ ᠤ ᠠᠵᠢᠯᠯᠠᠭ᠎ᠠ ᠦᠷᠨᠢᠬᠦᠯᠬᠦ᠂ ᠨᠢᠬᠡ ᠤᠳᠠᠭᠠᠨ ᠤ ᠬᠦᠮᠦᠨ ᠠᠷᠠᠳ ᠤᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠬᠦ᠂ ᠨᠢᠬᠡ ᠤᠳᠠᠭᠠᠨ ᠤ ᠵᠦᠷᠢᠴᠡᠯ ᠵᠢᠭᠤᠷᠠᠯᠳᠤᠭᠠᠨ ᠤ ᠲᠦᠭᠰᠢᠬᠦᠷᠢ ᠶᠢᠨ ᠲᠠᠯᠳᠠ ᠬᠡᠮ ᠢ ᠪᠠᠶᠢᠴᠠᠭᠠᠬᠤ ᠶᠢ ᠵᠢᠭᠠᠵᠦ ᠪᠠᠶᠢᠳᠠᠭ᠃    ᠡᠨᠡᠬᠦ ᠠᠵᠢᠯ ᠤᠨ ᠠᠷᠭ᠎ᠠ ᠪᠤᠯ ᠰᠢᠰᠲ᠋ᠧᠮ ᠲᠠᠢ ᠰᠡᠳᠬᠢᠮᠵᠢ ᠪᠠᠷ ᠦᠨᠳᠦᠰᠦᠨ ᠱᠠᠳᠦᠨ ᠳᠤ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠭᠤᠤᠯ ᠰᠢᠵᠢᠮ ᠢ ᠲᠤᠭᠤᠰᠢᠯᠠᠭᠤᠯᠬᠤ ᠳᠤ ᠬᠦᠴᠦᠨ ᠨᠡᠮᠡᠷᠢᠯᠡᠭᠰᠡᠨ ᠨᠢᠬᠡ ᠤᠳᠠᠭᠠᠨ ᠤ ᠪᠦᠳᠦᠮᠵᠢᠳᠠᠢ ᠤᠷᠤᠯᠳᠤᠯᠭ᠎ᠠ ᠪᠤᠯᠬᠤ ᠶᠤᠮ᠃ ᠲᠠᠷᠦᠢ ᠤᠯᠤᠰ ᠤᠨ ︽ᠪᠠᠳᠦ ᠴᠤᠬᠴᠠᠯᠠᠬᠤ︾ ᠬᠤᠶᠠᠷ ᠭᠤᠤᠯ ᠰᠢᠵᠢᠮ ᠢ ᠲᠤᠭᠤᠰᠢᠯᠠᠭᠤᠯᠬᠤ ᠲᠤᠬᠠᠢ ᠱᠠᠭᠠᠷᠳᠠᠯᠭ᠎ᠠ ᠶᠢ ᠠᠪᠴᠠᠯᠳᠤᠭᠤᠯᠤᠬᠰᠠᠨ ᠪᠦᠭᠡᠳ ᠪᠠᠰᠠ ᠲᠤᠬᠠᠢ ᠶᠢᠨ ᠭᠠᠵᠠᠷ ᠤᠨ ᠪᠤᠳᠠᠳᠠᠢ ᠲᠠᠢ ᠪᠠᠨ ᠨᠢᠬᠳᠠ ᠤᠶᠠᠯᠳᠤᠭᠤᠯᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠭᠤᠤᠯ ᠰᠢᠵᠢᠮ ᠢ ᠦᠨᠳᠦᠰᠦᠨ ᠱᠠᠳᠦᠨ ᠤ ᠡᠯ᠎ᠡ ᠲᠠᠯ᠎ᠠ ᠳᠤ ᠲᠤᠭᠤᠰᠢᠯᠠᠭᠤᠯᠵᠦ᠂ ᠡᠯ᠎ᠡ ᠦᠨᠳᠦᠰᠦᠳᠡᠨ ᠤ ᠤᠯᠠᠨ ᠲᠦᠮᠡᠨ ᠤ ᠤᠯᠤᠰ ᠤᠨ ᠤᠬᠠᠮᠰᠠᠷ᠂ ᠢᠷᠭᠡᠨ ᠤ ᠤᠬᠠᠮᠰᠠᠷ ᠪᠠ ᠬᠠᠤᠯᠢ ᠴᠠᠭᠠᠵᠠ ᠶᠢᠨ ᠤᠬᠠᠮᠰᠠᠷ ᠢ ᠪᠤᠢ ᠪᠤᠯᠭᠠᠬᠤ ᠶᠢ ᠬᠦᠳᠦᠯᠦᠨ ᠵᠢᠯᠤᠭᠤᠳᠴᠠᠢ᠃    ᠬᠢᠨᠭ᠍ᠭᠠᠨ ᠠᠶᠢᠮᠠᠭ ︽ᠲᠠᠪᠦᠨ ᠨᠢᠬᠡ︾ ᠤᠯᠠᠨ ᠲᠦᠮᠡᠨᠴᠢ ᠠᠵᠢᠯ ᠤᠨ ᠠᠷᠭ᠎ᠠ ᠶᠢᠨ ᠲᠤᠭᠤᠷᠢᠨ ᠳᠤ᠂ ᠵᠠᠰᠠᠯᠳᠠ ᠶᠢᠨ ᠠᠷᠭ᠎ᠠ ᠠᠪᠴᠠᠯ ᠤᠨ ᠦᠬᠡᠷᠡᠴᠢᠯᠡᠯᠳᠡ ᠶᠢ ᠲᠠᠰᠦᠷᠠᠯᠳᠠ ᠦᠬᠡᠢ ᠠᠬᠢᠭᠤᠯᠵᠦ᠂ ᠪᠦᠬᠦ ᠠᠶᠢᠮᠠᠭ ᠤᠨ ᠬᠡᠪᠴᠢᠶᠡᠨ ᠳᠤ ᠦᠨᠳᠦᠰᠦᠨ ᠨᠦᠬᠦᠴᠡᠯ ᠨᠡᠯᠢᠶᠡᠳ ᠰᠠᠶᠢᠨ 113 ᠭᠠᠴᠠᠭ᠎ᠠ ᠲᠤᠰᠬᠤᠨ᠂ 33 ᠨᠡᠶᠢᠬᠡᠮ ᠲᠤᠭᠤᠷᠢᠭ ᠂ 71 ᠦᠨᠳᠦᠰᠦᠨ ᠱᠠᠳᠦᠨ ᠤ ᠪᠠᠶᠢᠭᠤᠯᠭ᠎ᠠ ᠨᠢᠬᠡᠴᠢ ᠶᠢ ᠤᠷᠢᠳᠠᠪᠡᠷ ᠰᠤᠩᠭᠤᠵᠦ᠂ ︽ᠲᠠᠪᠦᠨ ᠨᠢᠬᠡ︾ ᠤᠯᠠᠨ ᠲᠦᠮᠡᠨᠴᠢ ᠠᠵᠢᠯ ᠤᠨ ᠠᠷᠭ᠎ᠠ ᠶᠢ ᠲᠤᠷᠰᠢᠨ ᠬᠡᠷᠡᠭᠵᠢᠬᠦᠯᠵᠦ᠂ 4000 ᠭᠠᠷᠦᠢ ᠲᠠᠯᠠᠪᠦᠷ ︵ᠤᠳᠠᠭ᠎ᠠ︶ ᠤᠨ ᠬᠠᠮᠢᠶ᠎ᠠ ᠪᠦᠬᠦᠢ ᠠᠵᠢᠯᠯᠠᠭ᠎ᠠ ᠦᠷᠨᠢᠬᠦᠯᠵᠦ᠂ ᠤᠷᠤᠯᠴᠠᠬᠰᠠᠨ ᠬᠦᠮᠦᠨ ᠤ ᠲᠤᠭ᠎ᠠ 30 ᠲᠦᠮᠡᠨ ᠬᠦᠮᠦᠨ ︵ᠤᠳᠠᠭ᠎ᠠ ︶ ᠢ ᠲᠠᠪᠠᠵᠠᠢ᠃    2025 ᠤᠨ ᠤ ᠡᠬᠢ ᠪᠠᠷ᠂ ᠲᠤᠷᠰᠢᠯᠳᠠ ᠶᠢᠨ ᠴᠡᠭ ᠤᠨ ᠤᠯᠤᠬᠰᠠᠨ ᠢᠯᠡᠷᠬᠡᠢ ᠠᠮᠵᠢᠯᠳᠠ ᠶᠢᠨ ᠰᠠᠭᠤᠷᠢᠨ ᠲᠡᠭᠡᠷ᠎ᠡ᠂ ︽︿ᠲᠠᠪᠦᠨ ᠨᠢᠬᠡ﹀ ᠤᠯᠠᠨ ᠲᠦᠮᠡᠨᠴᠢ ᠠᠵᠢᠯ ᠤᠨ ᠠᠷᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠬᠦ ᠲᠤᠬᠠᠢ ᠲᠦᠰᠦᠪ︾ ᠢ ᠲᠤᠬᠳᠠᠭᠠᠵᠦ᠂ ᠦᠨᠳᠦᠰᠦᠨ ᠱᠠᠳᠦᠨ ᠤ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠭᠤᠤᠯ ᠰᠢᠵᠢᠮ ᠢ ᠭᠤᠤᠯ ᠠᠵᠢᠯ ᠳᠠᠭᠠᠨ ᠪᠦᠷᠢᠮᠦᠰᠦᠨ ᠲᠤᠭᠤᠰᠢᠯᠠᠭᠤᠯᠬᠤ ᠦᠬᠡᠢ᠂ ᠤᠬᠠᠭᠤᠯᠭ᠎ᠠ ᠬᠦᠮᠦᠵᠢᠯ ᠤᠨ ᠬᠡᠯᠪᠡᠷᠢ ᠲᠠᠩ ᠴᠤᠯᠭᠤᠢ ᠪᠠᠶᠢᠬᠤ᠂ ᠤᠯᠠᠨ ᠲᠦᠮᠡᠨ ᠤ ᠤᠷᠤᠯᠴᠠᠬᠤ ᠬᠡᠮᠵᠢᠶ᠎ᠡ ᠪᠠᠭ᠎ᠠ ᠪᠠᠶᠢᠬᠤ ᠵᠡᠷᠭᠡ ᠠᠰᠠᠭᠤᠳᠠᠯ ᠢ ᠴᠢᠷᠮᠠᠶᠢᠨ ᠰᠶᠢᠳᠪᠦᠷᠢᠯᠡᠵᠡᠢ᠃    ᠬᠢᠨᠭ᠍ᠭᠠᠨ ᠠᠶᠢᠮᠠᠭ ︽ᠬᠠᠮᠳᠤᠪᠡᠷ ᠰᠤᠷᠤᠯᠴᠠᠬᠤ︾ ᠳᠤ ᠠᠩᠬᠠᠷᠦᠯ ᠢᠶᠠᠨ ᠲᠦᠪᠯᠡᠷᠡᠬᠦᠯᠵᠦ᠂ ᠨᠠᠮ ᠤᠨ ᠪᠠᠶᠢᠭᠤᠯᠤᠯᠳᠠ ᠪᠠᠷ ᠬᠦᠳᠦᠯᠦᠨ ᠲᠠᠭᠠᠭᠤᠯᠬᠤ᠂ ᠬᠡᠷ ᠰᠤᠷᠭᠠᠭᠤᠯᠢ ᠬᠠᠮᠳᠤᠪᠡᠷ ᠬᠦᠮᠦᠵᠢᠬᠦᠯᠬᠦ᠂ ᠬᠤᠪᠢᠰᠬᠠᠯᠳᠤ ᠤᠳᠤᠮᠰᠢᠯ ᠢ ᠤᠯᠠᠮᠵᠢᠯᠠᠬᠤ ᠭᠤᠷᠪᠠᠨ ᠲᠠᠯ᠎ᠠ ᠠᠴᠠ ᠭᠠᠷᠳᠠᠴᠠ ᠪᠤᠯᠭᠠᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠶᠢ ᠰᠤᠷᠭᠠᠨ ᠬᠦᠮᠦᠵᠢᠯ ᠤᠨ ᠰᠢᠰᠲ᠋ᠧᠮ ᠳᠤ ᠲᠤᠭᠤᠰᠢᠯᠠᠭᠤᠯᠵᠠᠢ᠃ ᠤᠯᠠᠭᠠᠨᠬᠤᠳᠠ ᠶᠢᠨ ᠱᠧᠩᠯᠢ ᠵᠡᠬᠡᠯᠢ ᠶᠢᠨ ᠠᠨ ᠵᠢᠤᠢ ᠨᠡᠶᠢᠬᠡᠮ ᠲᠤᠭᠤᠷᠢᠭ ᠤᠨ ᠬᠦᠳᠡᠯᠬᠡᠬᠡᠨ ᠤ ᠦᠷᠦᠬᠡᠨ ᠳᠤ᠂ ᠦᠨᠳᠦᠰᠦᠳᠡᠨ ᠤ ᠪᠦᠯᠬᠦᠮᠳᠡᠯ ᠤᠨ ᠦᠯᠢᠬᠡᠷ ᠢ ᠬᠤᠪᠢᠶᠠᠯᠴᠠᠬᠤ ᠬᠤᠷᠠᠯ ᠶᠠᠪᠤᠬᠳᠠᠵᠦ ᠪᠠᠶᠢᠪᠠ᠃ ᠠᠨ ᠵᠢᠤᠢ ᠨᠡᠶᠢᠬᠡᠮ ᠲᠤᠭᠤᠷᠢᠭ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠨᠡᠶᠢᠬᠡᠮᠯᠢᠭ ᠤᠨ ᠲᠠᠷᠤᠭ᠎ᠠ ᠲᠡᠤᠬᠡᠳᠤ ᠤᠴᠢᠷ᠂ ᠵᠢᠱᠢᠶᠡᠴᠢ ᠶᠢᠨ ᠦᠯᠢᠬᠡᠷ ᠪᠤᠯᠤᠨ ᠤᠯᠠᠨ ᠲᠦᠮᠡᠨ ᠤ ᠬᠤᠪᠢ ᠪᠡᠶ᠎ᠡ ᠶᠢᠨ ᠦᠡᠭᠭᠡᠷᠡᠯᠳᠡ ᠶᠢ ᠦᠨᠳᠦᠰᠦᠳᠡᠨ ᠤ ᠪᠦᠯᠬᠦᠮᠳᠡᠯ ᠤᠨ ᠲᠦᠷᠦ ᠶᠢᠨ ᠪᠤᠳᠤᠯᠭ᠎ᠠ ᠳᠤ ᠠᠭᠤᠰᠤᠯᠴᠠᠭᠤᠯᠤᠨ ᠤᠬᠠᠭᠤᠯᠤᠨ ᠲᠠᠶᠢᠯᠪᠦᠷᠢᠯᠠᠵᠦ᠂ ᠲᠦᠬᠦᠮ ᠤᠶᠢᠯᠠᠭᠠᠮᠵᠢᠳᠠᠢ ᠬᠡᠯᠡ ᠬᠡᠯᠡᠯᠬᠡ ᠪᠠᠷ ᠨᠠᠮ ᠤᠨ ᠤᠨᠤᠯ ᠳᠤ ᠲᠠᠶᠢᠯᠪᠦᠷᠢᠯᠠᠯᠳᠠ ᠬᠢᠵᠦ᠂ ᠡᠯ᠎ᠡ ᠦᠨᠳᠦᠰᠦᠳᠡᠨ ᠤ ᠤᠯᠠᠨ ᠲᠦᠮᠡᠨ ᠤ ᠰᠡᠳᠬᠢᠯ ᠳᠤ ᠦᠨᠳᠦᠰᠦᠳᠡᠨ ᠤ ᠪᠦᠯᠬᠦᠮᠳᠡᠯ ᠤᠨ ᠤᠨᠤᠯᠵᠢᠬᠤᠨ ᠢ ᠬᠠᠳᠠᠩᠰᠢᠭᠤᠯᠵᠠᠢ᠃    ᠡᠨᠡ ᠵᠢᠯ ᠠᠴᠠ ᠨᠠᠭᠠᠰᠢ᠂ ᠬᠢᠨᠭ᠍ᠭᠠᠨ ᠠᠶᠢᠮᠠᠭ ᠨᠠᠮ ᠤᠨ ᠰᠤᠷᠭᠠᠭᠤᠯᠢ᠂ ᠬᠢᠴᠢᠶᠡᠯ ᠲᠠᠶᠢᠯᠪᠦᠷᠢᠯᠠᠬᠤ ᠪᠦᠯᠬᠦᠮ᠂ ᠨᠡᠶᠢᠳᠡᠯᠢᠭ ᠵᠢᠱᠢᠶᠡᠴᠢ ᠵᠡᠷᠭᠡ ᠪᠠᠭᠰᠢ ᠶᠢᠨ ᠬᠦᠴᠦᠨ ᠢ ᠨᠢᠬᠡᠳᠦᠯᠳᠡᠢ ᠲᠦᠯᠦᠪᠯᠡᠵᠦ᠂ ᠨᠠᠮ ᠤᠨ ᠬᠡᠰᠢᠬᠦᠨ ᠨᠠᠮ ᠤᠨ ᠬᠢᠴᠢᠶᠡᠯ ᠲᠠᠶᠢᠯᠪᠦᠷᠢᠯᠠᠬᠤ᠂ ᠲᠤᠰᠬᠠᠢ ᠮᠡᠷᠭᠡᠵᠢᠯᠳᠡᠨ ᠬᠢᠴᠢᠶᠡᠯ ᠤᠷᠤᠬᠤ᠂ ᠨᠡᠶᠢᠳᠡᠯᠢᠭ ᠵᠢᠱᠢᠶ᠎ᠡ ᠶᠢ ᠤᠬᠠᠭᠤᠯᠬᠤ ᠵᠡᠷᠭᠡ ᠬᠡᠯᠪᠡᠷᠢ ᠪᠠᠷ ᠤᠯᠠᠨ ᠲᠦᠮᠡᠨᠴᠢ ᠬᠦᠮᠦᠵᠢᠯ ᠤᠨ ᠠᠵᠢᠯᠯᠠᠭ᠎ᠠ ᠦᠷᠨᠢᠬᠦᠯᠵᠦ᠂ ᠪᠦᠬᠦ ᠠᠶᠢᠮᠠᠭ ᠤᠨ 851 ᠭᠠᠴᠠᠭ᠎ᠠ ᠲᠤᠰᠬᠤᠨ ᠳᠤ 1058 ᠲᠠᠯᠠᠪᠦᠷ ︵ᠤᠳᠠᠭ᠎ᠠ︶ ᠤᠨ ᠠᠵᠢᠯᠯᠠᠭ᠎ᠠ ᠦᠷᠨᠢᠬᠦᠯᠵᠦ᠂ 8.3 ᠲᠦᠮᠡᠨ ᠬᠦᠮᠦᠨ ᠢ ᠬᠠᠮᠦᠷᠴᠠᠢ᠃    ᠬᠢᠨᠭ᠍ᠭᠠᠨ ᠠᠶᠢᠮᠠᠭ ︽ᠬᠠᠮᠳᠤᠪᠡᠷ ᠪᠠᠶᠠᠵᠢᠬᠤ︾ ᠳᠤ ᠠᠩᠬᠠᠷᠦᠯ ᠢᠶᠠᠨ ᠲᠦᠪᠯᠡᠷᠡᠬᠦᠯᠵᠦ᠂ ᠤᠨᠴᠠᠯᠢᠬᠳᠤ ᠠᠵᠦ ᠦᠢᠯᠡᠰ ᠢ ᠲᠡᠮᠵᠢᠬᠦ᠂ ᠬᠠᠷᠢᠯᠴᠠᠨ ᠰᠤᠷᠤᠯᠴᠠᠨ ᠬᠠᠷᠢᠯᠴᠠᠨ ᠬᠠᠪᠰᠤᠷᠤᠯᠴᠠᠬᠤ᠂ ᠠᠷᠠᠳ ᠤᠨ ᠠᠮᠢᠳᠦᠷᠠᠯ ᠤᠨ ᠬᠢᠷᠢ ᠲᠦᠪᠰᠢᠨ ᠢ ᠲᠡᠭᠡᠭᠰᠢᠯᠡᠬᠦᠯᠬᠦ ᠪᠠᠷ ᠭᠤᠤᠯ ᠪᠤᠯᠭᠠᠵᠦ᠂ ᠬᠠᠮᠳᠤᠪᠡᠷ ᠪᠠᠶᠠᠵᠢᠬᠤ ᠶᠢ ᠠᠬᠢᠭᠤᠯᠵᠠᠢ᠃ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠨᠡᠳᠦᠬᠡᠷ ᠪᠠᠯᠭᠠᠰᠦ ︽ᠨᠠᠮ ᠤᠨ ᠡᠬᠦᠷ + ᠠᠵᠦ ᠠᠬᠤᠶᠢᠯᠠᠯ + ᠲᠠᠷᠢᠵᠦ ᠤᠷᠭᠤᠭᠤᠯᠬᠤ ᠡᠷᠦᠬᠡ︾ ᠪᠠᠷ ᠪᠤᠷᠤᠯᠠᠭᠤᠯᠬᠤ ᠦᠢᠯᠡᠳᠪᠦᠷᠢᠯᠡᠬᠦ ᠬᠠᠮᠵᠢᠯᠴᠠᠭᠠᠨ ᠤ ᠲᠤᠬᠳᠠᠴᠠ ᠶᠢᠨ ᠰᠢᠨ᠎ᠠ ᠶᠢ ᠡᠬᠦᠳᠴᠦ᠂ ᠺᠧ ᠴᠢᠨ ᠸᠠᠨ ᠵᠢᠶᠠ ᠪᠦᠯᠦᠭᠯᠡᠯ ᠤᠨ ᠵᠠᠬᠢᠶᠠᠯᠠᠭ᠎ᠠ ᠳᠤ ᠲᠦᠰᠢᠭᠯᠡᠨ᠂ ᠱᠤᠸᠠᠩ ᠬᠤᠸᠠ ᠲᠤᠰᠬᠤᠨ ᠤ ᠲᠤᠮᠤ ᠰᠠᠷᠠᠪᠴᠢᠨ ᠤ ᠢᠳᠡᠰᠢᠨ ᠨᠤᠭᠤᠭ᠎ᠠ ᠶᠢᠨ ᠠᠵᠦ ᠦᠢᠯᠡᠰ ᠢ ᠪᠤᠵᠠᠭᠠᠶᠢᠷᠠᠭᠤᠯᠵᠦ᠂ ᠨᠤᠭᠤᠭ᠎ᠠ ᠲᠠᠷᠢᠬᠤ ᠲᠠᠷᠢᠶᠠᠴᠢᠳ ᠤᠨ ᠮᠤ᠋ ᠪᠦᠷᠢ ᠶᠢᠨ ᠤᠨᠠᠯᠳᠠ ᠶᠢ 7000 ᠲᠦᠬᠦᠷᠢᠭ ᠨᠡᠮᠡᠭᠳᠡᠬᠦᠯᠵᠦ᠂ ᠦᠯᠡᠳᠡᠭᠰᠡᠨ 20 ᠬᠦᠮᠦᠨ ᠳᠤ ᠠᠵᠢᠯ ᠤᠨ ᠪᠠᠶᠢᠷᠢ ᠬᠠᠨᠭ᠍ᠭᠠᠵᠦ᠂ ᠬᠦᠮᠦᠨ ᠪᠦᠷᠢ ᠶᠢᠨ ᠲᠡᠭᠰᠢᠳᠭᠡᠭᠰᠡᠨ ᠵᠢᠯ ᠤᠨ ᠤᠷᠤᠯᠭ᠎ᠠ ᠶᠢ 4000 ᠲᠦᠬᠦᠷᠢᠭ ᠪᠤᠯᠭᠠᠵᠠᠢ᠃    ᠬᠢᠨᠭ᠍ᠭᠠᠨ ᠠᠶᠢᠮᠠᠭ ︽ᠬᠠᠮᠳᠤᠪᠡᠷ ᠡᠳ᠋ᠯᠡᠬᠦ︾ ᠳᠤ ᠠᠩᠬᠠᠷᠦᠯ ᠢᠶᠠᠨ ᠲᠦᠪᠯᠡᠷᠡᠬᠦᠯᠵᠦ᠂ ᠪᠠᠶᠠᠷ ᠲᠤᠷᠠᠰᠬᠠᠯ ᠤᠨ ᠡᠳᠦᠷ ᠤᠨ ᠠᠵᠢᠯᠯᠠᠭ᠎ᠠ ᠦᠷᠨᠢᠬᠦᠯᠬᠦ᠂ ᠡᠳᠦᠷ ᠲᠤᠳᠤᠮ ᠤᠨ ᠰᠤᠶᠤᠯ ᠤᠨ ᠠᠵᠢᠯᠯᠠᠭ᠎ᠠ ᠦᠷᠨᠢᠬᠦᠯᠬᠦ᠂ ᠪᠡᠶ᠎ᠡ ᠲᠠᠮᠢᠷ ᠤᠨ ᠤᠷᠤᠯᠳᠤᠭᠠᠨ ᠢ ᠠᠭᠤᠰᠤᠯᠴᠠᠭᠤᠯᠬᠤ ᠪᠠᠷ ᠲᠠᠮᠵᠢᠭᠤᠯᠤᠨ ᠰᠤᠶᠤᠯ ᠤᠨ ᠰᠤᠯᠢᠯᠴᠠᠭᠠᠨ ᠤ ᠤᠶᠤᠨ ᠰᠠᠨᠠᠭ᠎ᠠ ᠶᠢᠨ ᠬᠡᠷ ᠤᠷᠤᠨ ᠢ ᠪᠠᠶᠢᠭᠤᠯᠵᠦ᠂ ᠡᠯ᠎ᠡ ᠦᠨᠳᠦᠰᠦᠳᠡᠨ ᠤ ᠰᠤᠯᠢᠯᠴᠠᠭ᠎ᠠ ᠠᠭᠤᠰᠤᠯᠴᠠᠯ ᠢ ᠠᠬᠢᠭᠤᠯᠵᠠᠢ᠃ ᠵᠠᠯᠠᠶᠢᠳ ᠬᠤᠰᠢᠭᠤᠨ ᠤ ᠨᠤᠨᠮᠦ᠋ᠷᠡᠨ ᠰᠢᠶᠠᠩ ᠡᠨᠡ ᠵᠢᠯ ᠠᠴᠠ ᠨᠠᠭᠠᠰᠢ᠂ ᠡᠯ᠎ᠡ ᠲᠤᠰᠬᠤᠨ ᠤ ᠰᠤᠶᠤᠯ ᠤᠨ ᠡᠬᠢ ᠪᠠᠶᠠᠯᠢᠭ ᠢ ᠢᠳᠡᠪᠬᠢᠳᠡᠢ ᠠᠭᠤᠳᠠᠯᠵᠦ᠂ ︽ᠲᠤᠮᠳᠠᠳᠤ ᠶᠢᠨ ᠰᠤᠶᠤᠯ ᠢ ᠤᠯᠠᠨ ᠢᠶᠠᠷ ᠢᠶᠠᠨ ᠰᠤᠷᠤᠯᠴᠠᠶ᠎ᠠ︾ ︽ᠬᠦᠳᠡᠭᠡ ᠲᠤᠰᠬᠤᠨ ᠳᠤ ᠬᠦᠰᠡᠯ ᠵᠡᠬᠦᠳᠤ ᠪᠠᠨ ᠲᠡᠷᠬᠡᠯᠰᠢᠬᠦᠯᠦᠶ᠎ᠡ · ᠮᠠᠨ ᠤ ᠤᠷᠠᠯᠢᠭ ᠤᠨ ᠲᠡᠪᠴᠡᠩ︾ ᠵᠡᠷᠭᠡ ᠰᠤᠶᠤᠯ ᠤᠨ ᠰᠤᠯᠢᠯᠴᠠᠭᠠᠨ ᠤ ᠠᠵᠢᠯᠯᠠᠭ᠎ᠠ ᠶᠢ 16 ᠲᠠᠯᠠᠪᠦᠷ ︵ᠤᠳᠠᠭ᠎ᠠ︶ ᠦᠷᠨᠢᠬᠦᠯᠵᠦ᠂ ᠲᠤᠮᠳᠠᠳᠤ ᠶᠢᠨ ᠦᠨᠳᠦᠰᠦᠳᠡᠨ ᠤ ᠰᠢᠯᠢᠳᠡᠭ ᠤᠯᠠᠮᠵᠢᠯᠠᠯᠳᠤ ᠰᠤᠶᠤᠯ ᠢ ᠬᠠᠮᠳᠤᠪᠡᠷ ᠡᠳ᠋ᠯᠡᠬᠦ ᠶᠢ ᠠᠬᠢᠭᠤᠯᠵᠠᠢ᠃    ᠬᠢᠨᠭ᠍ᠭᠠᠨ ᠠᠶᠢᠮᠠᠭ ︽ᠬᠠᠮᠳᠤᠪᠡᠷ ᠭᠤᠶᠤᠵᠢᠭᠤᠯᠬᠤ︾ ᠳᠤ ᠠᠩᠬᠠᠷᠦᠯ ᠢᠶᠠᠨ ᠲᠦᠪᠯᠡᠷᠡᠬᠦᠯᠵᠦ᠂ ᠭᠠᠴᠠᠭ᠎ᠠ ᠲᠤᠰᠬᠤᠨ ᠠᠴᠠ ᠨᠡᠶᠢᠬᠡᠮ ᠲᠤᠭᠤᠷᠢᠭ᠂ ᠰᠤᠷᠭᠠᠭᠤᠯᠢ ᠬᠠᠮᠳᠤᠪᠡᠷ ᠬᠦᠮᠦᠨ ᠠᠷᠠᠳ ᠤᠨ ᠰᠠᠭᠤᠷᠢᠰᠢᠬᠤ ᠳᠤ ᠲᠠᠭᠠᠯᠠᠮᠵᠢᠳᠠᠢ ᠤᠷᠴᠢᠨ ᠲᠤᠭᠤᠷᠢᠨ ᠢ ᠬᠠᠮᠳᠤᠪᠡᠷ ᠭᠤᠶᠤᠵᠢᠭᠤᠯᠬᠤ ᠶᠢ ᠠᠬᠢᠭᠤᠯᠵᠦ᠂ ᠲᠤᠬᠳᠠᠴᠠ ᠶᠢᠨ ᠰᠢᠨ᠎ᠠ ᠶᠢ ᠡᠬᠦᠳᠴᠦ᠂ ᠤᠷᠴᠢᠨ ᠲᠤᠭᠤᠷᠢᠨ ᠤ ᠵᠠᠰᠠᠯᠳᠠ ᠶᠢ ᠠᠬᠢᠭᠤᠯᠵᠠᠢ᠃ ᠵᠠᠯᠠᠶᠢᠳ ᠬᠤᠰᠢᠭᠤᠨ ᠤ ᠠᠷᠪᠡᠨᠬᠡᠷ ᠪᠠᠯᠭᠠᠰᠦ 3 ᠰᠠᠷ᠎ᠠ ᠠᠴᠠ ᠡᠬᠢᠯᠡᠨ᠂ ᠪᠦᠬᠦ ᠪᠠᠯᠭᠠᠰᠦ ᠶᠢᠨ ᠬᠡᠪᠴᠢᠶᠡᠨ ᠳᠤ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠵᠡᠢ᠃ ᠪᠤᠵᠠᠷ ᠡᠪᠡᠰᠦ᠂ ᠡᠰᠢ ᠰᠦᠷᠡᠯ ᠤᠨ ᠤᠪᠤᠭᠠᠷᠠᠯ᠂ ᠲᠠᠷᠢᠶᠠᠴᠢᠳ ᠤᠨ ᠡᠬᠦᠳᠡᠨ ᠡᠮᠦᠨ᠎ᠡ ᠡᠷᠦᠢ ᠬᠤᠷᠤᠢ ᠦᠬᠡᠢ ᠶᠠᠭᠤᠮ᠎ᠠ ᠤᠪᠤᠭᠠᠯᠠᠬᠤ ᠵᠡᠷᠭᠡ ᠠᠰᠠᠭᠤᠳᠠᠯ ᠳᠤ ᠴᠢᠭᠯᠡᠬᠦᠯᠦᠨ᠂ ᠬᠠᠷᠢᠭᠤᠴᠠᠯᠭ᠎ᠠ ᠪᠠᠨ ᠲᠤᠳᠤᠷᠬᠠᠶᠢᠯᠠᠵᠦ᠂ ᠬᠠᠷᠢᠭᠤᠴᠠᠯᠭᠠᠳᠠᠨ ᠢᠶᠠᠨ ᠲᠤᠬᠳᠠᠭᠠᠵᠠᠢ᠃ ᠤᠳᠤ ᠪᠤᠯᠳᠠᠯ᠎ᠠ᠂ ᠨᠢᠬᠡᠨᠳᠡ 1000 ᠬᠦᠮᠦᠨ ︵ᠤᠳᠠᠭ᠎ᠠ︶ ᠢ ᠲᠠᠶᠢᠴᠢᠯᠠᠨ᠂ 300 ᠮᠠᠰᠢᠨ ᠬᠦᠳᠡᠯᠬᠡᠵᠦ᠂ ᠡᠯ᠎ᠡ ᠲᠦᠷᠦᠯ ᠤᠨ ᠬᠤᠭ ᠨᠤᠪᠰᠢ ᠶᠢ 500 ᠲᠤᠨ ᠠᠷᠢᠯᠭᠠᠵᠦ᠂ ᠬᠦᠳᠡᠭᠡ ᠲᠤᠰᠬᠤᠨ ᠤ ᠤᠷᠴᠢᠨ ᠲᠤᠭᠤᠷᠢᠨ ᠢ ᠭᠤᠶᠤᠵᠢᠭᠤᠯᠵᠦ᠂ ᠭᠠᠴᠠᠭ᠎ᠠ ᠲᠤᠰᠬᠤᠨ ᠤ  ᠪᠦᠬᠦᠶᠢᠯᠡ ᠲᠦᠷᠢ ᠲᠦᠷᠬᠦ ᠶᠢ ᠰᠠᠶᠢᠵᠢᠷᠠᠭᠤᠯᠵᠠᠢ᠃    ᠬᠢᠨᠭ᠍ᠭᠠᠨ ᠠᠶᠢᠮᠠᠭ ︽ᠲᠠᠪᠦᠨ ᠨᠢᠬᠡ︾ ᠤᠯᠠᠨ ᠲᠦᠮᠡᠨᠴᠢ ᠠᠵᠢᠯ ᠤᠨ ᠠᠷᠭ᠎ᠠ ᠳᠤ ᠬᠦᠮᠦᠨ ᠠᠷᠠᠳ ᠤᠨ ᠰᠠᠭᠤᠷᠢᠰᠢᠬᠤ ᠠᠮᠢᠳᠦᠷᠠᠯ ᠤᠨ ᠤᠷᠴᠢᠨ ᠲᠤᠭᠤᠷᠢᠨ ᠢ ᠭᠤᠶᠤᠵᠢᠭᠤᠯᠬᠤ ᠶᠢ ᠴᠢᠩᠭᠠᠳᠬᠠᠵᠦ᠂ ᠡᠨᠡᠬᠦ ᠠᠷᠭ᠎ᠠ ᠪᠠᠷ ᠲᠠᠰᠦᠷᠠᠯᠳᠠ ᠦᠬᠡᠢ ᠰᠠᠶᠢᠵᠢᠷᠠᠭᠤᠯᠵᠠᠢ᠃ 2024 ᠤᠨ ᠠᠴᠠ ᠡᠬᠢᠯᠡᠨ᠂ ᠬᠢᠨᠭ᠍ᠭᠠᠨ ᠠᠶᠢᠮᠠᠭ ᠤᠨ ᠡᠯ᠎ᠡ ᠭᠠᠵᠠᠷ ︽ᠤᠯᠠᠭᠠᠨ ᠬᠠᠷ᠎ᠠ ᠰᠠᠮᠪᠠᠷ᠎ᠠ︾ ︽ᠬᠤᠪᠢ ᠬᠤᠷᠠᠮᠳᠤᠭᠤᠯᠬᠤ ᠲᠤᠬᠳᠠᠴᠠ︾ ᠪᠠᠷ ᠤᠯᠠᠨ ᠲᠦᠮᠡᠨ ᠢ ᠲᠠᠶᠢᠴᠢᠯᠠᠨ 36 ᠲᠦᠮᠡᠨ ᠲᠤᠨ ᠬᠤᠭ ᠨᠤᠪᠰᠢ ᠶᠢ ᠠᠷᠢᠯᠭᠠᠵᠠᠢ᠃    ᠬᠢᠨᠭ᠍ᠭᠠᠨ ᠠᠶᠢᠮᠠᠭ ︽ᠠᠮᠦᠷ ᠲᠤᠬᠳᠠᠭᠤᠨ ᠢ ᠬᠠᠮᠳᠤᠪᠡᠷ ᠲᠤᠬᠳᠠᠪᠦᠷᠢᠵᠢᠭᠤᠯᠬᠤ︾ ᠳᠤ ᠠᠩᠬᠠᠷᠦᠯ ᠢᠶᠠᠨ ᠲᠦᠪᠯᠡᠷᠡᠬᠦᠯᠵᠦ᠂ ᠦᠨᠳᠦᠰᠦᠨ ᠱᠠᠳᠦᠨ ᠤ ᠠᠮᠦᠷ ᠲᠦᠪᠰᠢᠨ ᠤ ᠲᠤᠤᠷ ᠢ ᠰᠦᠯᠵᠢᠵᠦ᠂ ᠲᠤᠤᠷᠵᠢᠭᠤᠯᠤᠬᠰᠠᠨ ᠬᠠᠮᠢᠶᠠᠷᠦᠯᠳᠠ᠂ ᠵᠠᠬᠢᠳᠠᠯ ᠰᠤᠷᠪᠤᠯᠵᠢᠯᠠᠯ ᠢ ᠤᠷᠤᠯᠠᠨ ᠬᠦᠢᠴᠡᠳᠬᠡᠬᠦ᠂ ᠬᠤᠯᠪᠤᠭᠠᠯᠠᠨ ᠰᠡᠷᠬᠡᠶᠢᠯᠡᠵᠦ ᠬᠤᠯᠪᠤᠭᠠᠯᠠᠨ ᠡᠵᠡᠮᠳᠡᠬᠦ ᠪᠠᠷ ᠲᠠᠮᠵᠢᠭᠤᠯᠤᠨ᠂ ᠠᠮᠦᠷ ᠲᠤᠬᠳᠠᠭᠤᠨ ᠤ ᠰᠡᠷᠬᠡᠶᠢᠯᠡᠯᠳᠡ ᠶᠢᠨ ᠱᠤᠭᠤᠮ ᠢ ᠪᠠᠳᠦᠵᠢᠭᠤᠯᠵᠠᠢ᠃ ᠤᠳᠤᠬᠠᠨ ᠳᠤ᠂ ᠲᠦᠴᠢᠤᠸᠠᠨ ᠰᠢᠶᠠᠨ ᠤ ᠡᠯ᠎ᠡ ᠭᠠᠵᠠᠷ ᠲᠤ ᠲᠤᠰᠬᠤᠨ ᠤ ︽ᠬᠤᠶᠠᠷ ᠵᠦᠪᠯᠡᠯ︾ ︵ᠨᠡᠶᠢᠬᠡᠮ ᠲᠤᠭᠤᠷᠢᠭ︶  ᠤᠨ ᠺᠠᠳ᠋ᠷ᠂ ᠠᠷᠠᠳ ᠤᠨ ᠡᠶᠡᠳᠡᠬᠦᠯᠦᠭᠴᠢ᠂ ᠦᠨᠳᠦᠰᠦᠨ ᠱᠠᠳᠦᠨ ᠤ ᠬᠠᠤᠯᠢ ᠴᠠᠭᠠᠵᠠ ᠶᠢᠨ ᠦᠢᠯᠡᠴᠢᠯᠡᠬᠡᠨ ᠤ ᠠᠵᠢᠯᠳᠠᠨ ᠵᠡᠷᠭᠡ ᠪᠠᠷ ᠪᠦᠷᠢᠯᠳᠦᠭᠰᠡᠨ ᠡᠩᠨᠡᠭᠡ ᠶᠢᠨ ᠬᠡᠰᠢᠬᠦᠳ ᠤᠯᠠᠨ ᠲᠦᠮᠡᠨ ᠳᠤ ᠲᠦᠷᠦ ᠶᠢᠨ ᠪᠤᠳᠤᠯᠭ᠎ᠠ ᠲᠠᠶᠢᠯᠪᠦᠷᠢᠯᠠᠨ᠂ ᠵᠦᠷᠢᠴᠡᠯ ᠵᠢᠭᠤᠷᠠᠯᠳᠤᠭᠠᠨ ᠢ ᠡᠶᠡᠳᠡᠬᠦᠯᠵᠦ᠂ ᠬᠠᠤᠯᠢ ᠴᠠᠭᠠᠵᠠ ᠶᠢᠨ ᠮᠡᠳᠡᠯᠬᠡ ᠶᠢ ᠲᠦᠬᠡᠮᠡᠯᠵᠢᠬᠦᠯᠦᠨ ᠬᠠᠤᠯᠢᠵᠢᠯ ᠤᠨ ᠬᠦᠳᠡᠭᠡ ᠲᠤᠰᠬᠤᠨ ᠤ ᠪᠠᠶᠢᠭᠤᠯᠤᠯᠳᠠ ᠶᠢ ᠠᠬᠢᠭᠤᠯᠬᠤ ᠴᠢᠬᠤᠯᠠ ᠬᠦᠴᠦᠨ ᠪᠤᠯᠵᠠᠢ᠃ ᠳ᠋ᠢᠶᠤᠤ ᠪᠦᠸᠧ ᠢᠤᠢ ᠮᠡᠳᠡᠬᠡᠯᠡᠪᠡ
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号