| ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠦ᠋ ᠯᠢᠨ᠂ ᠪᠥᠬᠦᠳᠡ | ᠨᠠᠶᠢᠷᠠᠮᠳᠠᠬᠤ ᠨᠡᠶᠢᠭᠡᠮ ᠵᠢᠷᠤᠮᠲᠤ ᠸᠢᠶᠧᠲᠨᠠᠮ ᠤᠯᠤᠰ ᠤᠨ ᠲᠡᠷᠢᠭᠦᠯᠡᠭᠴᠢ ᠯᠢᠶᠠᠩ ᠴᠢᠶᠠᠩ ᠤᠨ ᠤᠷᠢᠯᠭ᠎ᠠ ᠪᠠᠷ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ 4 | ᠳ᠋ᠦ᠋ᠭᠡᠷ ᠰᠠᠷ᠎ᠠ ᠶᠢᠨ 14 ᠤ ᠡᠳᠦᠷ ᠠᠴᠠ 15 ᠤ ᠡᠳᠦᠷ ᠪᠣᠯᠲᠠᠯ᠎ᠠ ᠸᠢᠶᠧᠲᠨᠠᠮ ᠳᠤ ᠲᠥᠷᠥ ᠶᠢᠨ ᠶᠠᠪᠤᠳᠠᠯ ᠤᠨ | ᠠᠶᠢᠯᠴᠢᠯᠠᠯᠲᠠ ᠬᠢᠬᠦ ᠪᠣᠯᠣᠨ᠎ᠠ᠃ ᠮᠠᠯᠠᠶᠢᠰᠢᠶ᠎ᠠ ᠶᠢᠨ ᠬᠠᠮᠤᠭ ᠤᠨ ᠳᠡᠭᠡᠳᠦ ᠲᠡᠷᠢᠭᠦᠨ ᠢᠪᠦ᠋ᠯᠠᠰᠢᠨ᠂ ᠺᠠᠮᠪᠤᠵᠠ ᠶᠢᠨ | ᠤᠯᠤᠰ ᠤᠨ ᠸᠠᠩ ᠰᠢᠬᠠᠮᠣᠨᠢ ᠶᠢᠨ ᠤᠷᠢᠯᠭ᠎ᠠ ᠪᠠᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 4 ᠳ᠋ᠦ᠋ᠭᠡᠷ ᠰᠠᠷ᠎ᠠ ᠶᠢᠨ | 15 ᠤ ᠡᠳᠦᠷ ᠠᠴᠠ 18 ᠤ ᠡᠳᠦᠷ ᠪᠣᠯᠲᠠᠯ᠎ᠠ ᠮᠠᠯᠠᠶᠢᠰᠢᠶ᠎ᠠ᠂ ᠺᠠᠮᠪᠤᠵᠠ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ | ᠪᠣᠯᠣᠨ᠎ᠠ᠃ | ᠭᠢᠯᠠᠰ ᠴᠡᠭ 1᠄ ᠡᠨᠡ ᠵᠢᠯ ᠤᠨ ᠠᠩᠬᠠᠳᠠᠭᠴᠢ ᠠᠶᠢᠯᠴᠢᠯᠠᠯᠲᠠ ᠪᠠᠨ ᠬᠥᠷᠰᠢ ᠵᠡᠷᠭᠡᠯᠡᠳᠡᠭᠡ ᠶᠢᠨ | ᠤᠯᠤᠰ ᠤᠳ ᠠᠴᠠ ᠡᠬᠢᠯᠡᠭᠦᠯᠪᠡ | ᠡᠨᠡ ᠬᠦ ᠤᠳᠠᠭᠠᠨ ᠤ ᠠᠶᠢᠯᠴᠢᠯᠠᠯᠲᠠ ᠪᠣᠯ ᠲᠡᠷᠢᠭᠦᠯᠡᠭᠴᠢ ᠰᠢ ᠶᠢᠨ ᠫᠢᠩ ᠤᠨ ᠥᠨᠥ ᠵᠢᠯ ᠤᠨ ᠠᠩᠬᠠᠳᠠᠭᠴᠢ | ᠠᠶᠢᠯᠴᠢᠯᠠᠯᠲᠠ ᠪᠣᠯᠣᠨ᠎ᠠ᠂ ᠲᠣᠰ ᠠᠶᠢᠯᠴᠢᠯᠠᠯᠲᠠ ᠨᠢ ᠳᠤᠮᠳᠠᠳᠤ ᠤᠯᠤᠰ ᠪᠠ ᠸᠢᠶᠧᠲᠨᠠᠮ᠂ ᠮᠠᠯᠠᠶᠢᠰᠢᠶ᠎ᠠ᠂ ᠺᠠᠮᠪᠤᠵᠠ ᠵᠢᠴᠢ | ᠳᠤᠮᠳᠠᠳᠤ ᠤᠯᠤᠰ ᠪᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠬᠠᠷᠢᠯᠴᠠᠭᠠᠨ ᠤ ᠪᠦᠬᠦᠯᠢ | ᠴᠣᠭᠴᠠ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠭᠠᠵᠠᠷ ᠣᠷᠣᠨ | ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠳᠤ ᠰᠢᠨ᠎ᠡ ᠬᠥᠳᠡᠯᠭᠡᠭᠴᠢ ᠡᠨᠧᠷᠬᠢ ᠨᠡᠮᠡᠷᠢᠯᠡᠬᠦ ᠪᠣᠯᠣᠨ᠎ᠠ᠃ | ᠭᠢᠯᠠᠰ ᠴᠡᠭ 2᠄ ᠳᠤᠮᠳᠠᠳᠤ ᠸᠢᠶᠧᠲᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠳᠠᠭᠰᠠᠨ 75 ᠵᠢᠯ ᠤᠨ | ᠣᠶ ᠳᠤ ᠳᠣᠬᠢᠶᠠᠵᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠪᠣᠯᠣᠨ᠎ᠠ | ᠡᠨᠡ ᠪᠣᠯ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ ᠶᠢᠨ ᠬᠤᠪᠢ ᠪᠠᠷ ᠸᠢᠶᠧᠲᠨᠠᠮ ᠳᠤ ᠳᠥᠷᠪᠡᠳᠡᠬᠢ ᠤᠳᠠᠭ᠎ᠠ ᠪᠠᠨ ᠠᠶᠢᠯᠴᠢᠯᠠᠵᠤ ᠪᠠᠶᠢᠨ᠎ᠠ᠃ | ᠶᠡᠷᠦᠩᠬᠡᠢ ᠱᠦᠵᠢ ᠰᠢ ᠶᠢᠨ ᠫᠢᠩ ᠶᠡᠷᠦᠩᠬᠡᠢ ᠱᠦᠵᠢ ᠰᠦ᠋ ᠯᠢᠨ ᠲᠠᠢ ᠬᠡᠯᠡᠯᠴᠡᠭᠡ ᠬᠢᠵᠦ᠂ ᠸᠢᠶᠧᠲᠨᠠᠮ ᠤᠨ | ᠤᠯᠤᠰ ᠤᠨ ᠲᠡᠷᠢᠭᠦᠯᠡᠭᠴᠢ ᠯᠢᠶᠠᠩ ᠴᠢᠶᠠᠩ᠂ ᠶᠡᠷᠦᠩᠬᠡᠢ ᠰᠠᠶᠢᠳ ᠹᠠᠨ ᠮᠢᠩ ᠵᠧᠩ᠂ ᠤᠯᠤᠰ ᠤᠨ ᠬᠤᠷᠠᠯ ᠤᠨ | ᠲᠡᠷᠢᠭᠦᠯᠡᠭᠴᠢ ᠴᠧᠨ ᠴᠢᠩ ᠮᠢᠨ ᠲᠠᠢ ᠠᠭᠤᠯᠵᠠᠨ᠎ᠠ᠃ | ᠭᠢᠯᠠᠰ ᠴᠡᠭ 3᠄ 12 ᠵᠢᠯ ᠠᠯᠤᠰᠯᠠᠭᠠᠳ ᠮᠠᠯᠠᠶᠢᠰᠢᠶ᠎ᠠ ᠳᠤ ᠳᠠᠬᠢᠨᠲᠠ ᠠᠶᠢᠯᠴᠢᠯᠠᠯᠲᠠ ᠬᠢᠬᠦ ᠨᠢ ᠴᠢᠬᠤᠯᠠ | ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ | ᠲᠡᠷᠢᠭᠦᠯᠡᠭᠴᠢ ᠰᠢ ᠶᠢᠨ ᠫᠢᠩ ᠬᠠᠮᠤᠭ ᠤᠨ ᠳᠡᠭᠡᠳᠦ ᠲᠡᠷᠢᠭᠦᠨ ᠢᠪᠦ᠋ᠯᠠᠰᠢᠨ ᠲᠠᠢ ᠠᠭᠤᠯᠵᠠᠵᠤ᠂ ᠶᠡᠷᠦᠩᠬᠡᠢ | ᠰᠠᠶᠢᠳ ᠠᠨᠸᠠᠷ ᠲᠠᠢ ᠬᠡᠯᠡᠯᠴᠡᠭᠡ ᠬᠢᠬᠦ ᠪᠣᠯᠣᠨ᠎ᠠ᠃ | ᠲᠤᠰ ᠤᠳᠠᠭᠠᠨ ᠤ ᠠᠶᠢᠯᠴᠢᠯᠠᠯᠲᠠ ᠪᠣᠯ ᠲᠡᠷᠢᠭᠦᠯᠡᠭᠴᠢ ᠰᠢ ᠶᠢᠨ ᠫᠢᠩ ᠤᠨ 12 ᠵᠢᠯ ᠤᠨ ᠳᠠᠷᠠᠭᠠᠬᠢ | ᠠᠶᠢᠯᠴᠢᠯᠠᠯᠲᠠ ᠪᠠᠶᠢᠵᠤ᠂ ᠳᠤᠮᠳᠠᠳᠤ ᠮᠠᠯᠠᠶᠢᠰᠢᠶ᠎ᠠ ᠶᠢᠨ ᠬᠠᠷᠢᠯᠴᠠᠭ᠎ᠠ ᠶᠢ ᠰᠠᠶᠢᠵᠢᠷᠠᠭᠤᠯᠤᠨ ᠲᠡᠰ ᠳᠡᠪᠰᠢᠭᠦᠯᠬᠦ ᠶᠢ | ᠠᠬᠢᠭᠤᠯᠬᠤ ᠳᠤ ᠴᠢᠬᠤᠯᠠ ᠬᠥᠰᠢᠶ᠎ᠡ ᠳᠤᠷᠠᠰᠬᠠᠯ ᠤᠨ ᠴᠢᠨᠠᠷᠲᠠᠢ ᠠᠴᠢ ᠬᠤᠯᠪᠣᠭᠳᠠᠯ ᠲᠠᠢ ᠶᠤᠮ᠃ | ᠭᠢᠯᠠᠰ ᠴᠡᠭ 4᠄ 9 ᠵᠢᠯ ᠤᠨ ᠲᠠᠷᠠᠭ᠎ᠠ ᠳᠠᠬᠢᠨᠲᠠ ᠠᠶᠢᠯᠴᠢᠯᠠᠯᠲᠠ ᠬᠢᠬᠦ ᠨᠢ ᠳᠤᠮᠳᠠᠳᠤ ᠺᠠᠮᠪᠤᠵᠠ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠳᠤ ᠰᠢᠨ᠎ᠡ ᠴᠠᠭ ᠦᠶ᠎ᠡ ᠶᠢᠨ ᠠᠭᠤᠯᠤᠭᠳᠠᠬᠤᠨ ᠨᠡᠮᠡᠷᠢᠯᠡᠬᠦ ᠪᠣᠯᠣᠨ᠎ᠠ | ᠡᠨᠡ ᠬᠦ ᠤᠳᠠᠭᠠᠨ ᠤ ᠠᠶᠢᠯᠴᠢᠯᠠᠯᠲᠠ ᠪᠣᠯ ᠲᠡᠷᠢᠭᠦᠯᠡᠭᠴᠢ ᠰᠢ ᠶᠢᠨ ᠫᠢᠩ ᠤᠨ 9 ᠵᠢᠯ ᠤᠨ ᠳᠠᠷᠠᠭ᠎ᠠ ᠺᠠᠮᠪᠤᠵᠠ ᠳᠤ | ᠳᠠᠬᠢᠨᠲᠠ ᠠᠶᠢᠯᠴᠢᠯᠠᠬᠤ ᠠᠶᠢᠯᠴᠢᠯᠠᠯᠲᠠ ᠪᠣᠯᠣᠨ᠎ᠠ᠂ ᠲᠡᠷᠢᠭᠦᠯᠡᠭᠴᠢ ᠰᠢ ᠶᠢᠨ ᠫᠢᠩ ᠺᠠᠮᠪᠤᠵᠠ ᠤᠯᠤᠰ ᠤᠨ ᠤᠯᠤᠰ ᠤᠨ ᠸᠠᠩ | ᠰᠢᠬᠠᠮᠣᠨᠢ ᠬᠢᠭᠡᠳ ᠲᠠᠶᠢᠬᠡᠦ ᠮᠥᠨᠢᠯᠧ ᠲᠠᠢ ᠲᠤᠰ ᠲᠤᠰ ᠠᠭᠤᠯᠵᠠᠵᠤ᠂ ᠠᠷᠠᠳ ᠤᠨ ᠨᠠᠮ ᠤᠨ ᠲᠡᠷᠢᠭᠦᠯᠡᠭᠴᠢ᠂ ᠳᠡᠭᠡᠳᠦ | ᠵᠥᠪᠯᠡᠯᠭᠡᠨ ᠤ ᠲᠡᠷᠢᠭᠦᠯᠡᠭᠴᠢ ᠬᠤᠩᠰᠧᠨ ᠴᠢᠨ ᠸᠠᠩ ᠲᠠᠢ ᠠᠭᠤᠯᠵᠠᠵᠤ᠂ ᠲᠡᠷᠢᠭᠦᠨ ᠰᠠᠶᠢᠳ ᠬᠤᠩᠮᠠᠨᠠᠢ ᠲᠠᠢ ᠬᠡᠯᠡᠯᠴᠡᠭᠡ | ᠬᠢᠬᠦ ᠪᠣᠯᠣᠨ᠎ᠠ᠃ | |