| ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 15 ᠤ ᠴᠠᠭᠢᠯᠭᠠᠨ ᠮᠡᠳᠡᠭᠡ 4 ᠰᠠᠷ᠎ᠠ ᠶᠢᠨ 15 ᠤ | ᠦᠳᠡ ᠶᠢᠨ ᠡᠮᠦᠨ᠎ᠡ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠨᠤᠢ ᠶᠢᠨ ᠤᠯᠠᠨ ᠤᠯᠤᠰ ᠤᠨ ᠬᠤᠷᠠᠯ ᠤᠨ ᠲᠥᠪ ᠲᠤ ᠸᠢᠶᠧᠲᠨᠠᠮ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ᠂ ᠸᠢᠶᠧᠲᠨᠠᠮ ᠤᠨ ᠤᠯᠤᠰ ᠤᠨ ᠲᠡᠷᠢᠭᠦᠯᠡᠭᠴᠢ ᠯᠢᠶᠠᠩ | ᠴᠢᠶᠠᠩ ᠲᠠᠢ ᠬᠠᠮᠲᠤ ᠳᠤᠮᠳᠠᠳᠤ ᠸᠢᠶᠧᠲᠨᠠᠮ ᠤᠨ ᠠᠷᠠᠳ ᠲᠦᠮᠡᠨ ᠤ ᠬᠠᠮᠲᠤᠷᠠᠭᠰᠠᠨ ᠦᠪᠡᠳᠡᠭᠰᠢ ᠨᠠᠶᠢᠷ ᠤᠨ | ᠠᠵᠢᠯᠯᠠᠭ᠎ᠠ ᠶᠢᠨ ᠲᠥᠯᠥᠭᠡᠯᠡᠭᠴᠢᠳ ᠲᠠᠢ ᠠᠭᠤᠯᠵᠠᠪᠠ᠃ | ᠬᠤᠶᠠᠷ ᠨᠠᠮ ᠬᠤᠶᠠᠷ ᠤᠯᠤᠰ ᠤᠨ ᠤᠳᠤᠷᠢᠳᠬᠤ ᠬᠥᠮᠥᠰ ᠬᠠᠮᠲᠤ ᠪᠠᠷ ᠬᠤᠷᠠᠯ ᠤᠨ ᠲᠠᠯᠠᠪᠠᠢ ᠳᠤ ᠠᠯᠬᠤᠨ | ᠣᠷᠣᠬᠤ ᠦᠶ᠎ᠡ ᠳᠤ ᠳᠤᠮᠳᠠᠳᠤ ᠸᠢᠶᠧᠲᠨᠠᠮ ᠤᠨ ᠡᠯ᠎ᠡ ᠡᠲᠡᠭᠡᠳ ᠤᠨ ᠨᠥᠭᠦᠷᠰᠡᠭ ᠬᠥᠮᠥᠰ ᠬᠠᠯᠠᠭᠤᠨ ᠠᠯᠠᠭ᠎ᠠ | ᠲᠡᠰᠢᠯᠲᠡ ᠪᠠᠷ ᠤᠭᠲᠤᠪᠠ᠃ | | | 4 ᠰᠠᠷ᠎ᠠ ᠶᠢᠨ 15 ᠤ ᠦᠳᠡ ᠶᠢᠨ ᠡᠮᠦᠨ᠎ᠡ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠨᠤᠢ ᠶᠢᠨ ᠤᠯᠠᠨ ᠤᠯᠤᠰ ᠤᠨ | ᠬᠤᠷᠠᠯ ᠤᠨ ᠲᠥᠪ ᠲᠤ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ᠂ | ᠸᠢᠶᠧᠲᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠲᠠᠢ ᠬᠠᠮᠲᠤ ᠳᠤᠮᠳᠠᠳᠤ ᠸᠢᠶᠧᠲᠨᠠᠮ ᠤᠨ ᠠᠷᠠᠳ ᠲᠦᠮᠡᠨ ᠤ | ᠬᠠᠮᠲᠤᠷᠠᠭᠰᠠᠨ ᠦᠪᠡᠳᠡᠭᠰᠢ ᠨᠠᠶᠢᠷ ᠤᠨ ᠠᠵᠢᠯᠯᠠᠭ᠎ᠠ ᠶᠢᠨ ᠲᠥᠯᠥᠭᠡᠯᠡᠭᠴᠢᠳ ᠲᠠᠢ ᠠᠭᠤᠯᠵᠠᠪᠠ᠃ ᠵᠢᠷᠤᠭ ᠪᠣᠯ ᠰᠢ ᠶᠢᠨ | ᠫᠢᠩ ︽ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭᠠᠨ ᠤ ᠭᠤᠣᠯ ᠭᠦᠭ ᠠᠶᠠᠰ ᠢ ᠴᠢᠪᠬᠠᠳᠠᠵᠤ ᠬᠤᠪᠢ ᠵᠠᠶᠠᠭ᠎ᠠ ᠪᠠᠨ | ᠬᠠᠮᠲᠤᠳᠬᠠᠬᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ︾ ᠭᠡᠬᠦ ᠰᠡᠳᠦᠪ ᠢᠶᠠᠷ ᠪᠠᠶᠠᠷ ᠤᠨ ᠦᠭᠡ ᠬᠡᠯᠡᠵᠦ | ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ | ᠰᠢ ᠶᠢᠨ ᠫᠢᠩ ︽ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭᠠᠨ ᠤ ᠭᠤᠣᠯ ᠭᠦᠭ ᠠᠶᠠᠰ ᠢ ᠴᠢᠪᠬᠠᠳᠠᠵᠤ | ᠬᠤᠪᠢ ᠵᠠᠶᠠᠭ᠎ᠠ ᠪᠠᠨ ᠬᠠᠮᠲᠤᠳᠬᠠᠬᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ︾ ᠭᠡᠬᠦ ᠰᠡᠳᠦᠪ ᠢᠶᠠᠷ ᠪᠠᠶᠠᠷ ᠤᠨ | ᠦᠭᠡ ᠬᠡᠯᠡᠪᠡ᠃ | ᠰᠢ ᠶᠢᠨ ᠫᠢᠩ ᠠᠵᠢᠯᠯᠠᠭ᠎ᠠ ᠳᠤ ᠣᠷᠣᠯᠴᠠᠬᠰᠠᠨ ᠬᠤᠶᠠᠷ ᠤᠯᠤᠰ ᠤᠨ ᠲᠥᠯᠥᠭᠡᠯᠡᠭᠴᠢᠳ ᠲᠤ ᠴᠢᠩ | ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠰᠢ ᠶᠢᠨ ᠫᠢᠩ᠂ ᠳᠤᠮᠳᠠᠳᠤ ᠸᠢᠶᠧᠲᠨᠠᠮ ᠤᠨ ᠬᠠᠷᠢᠯᠴᠠᠭ᠎ᠠ ᠶᠢᠨ ᠦᠨᠳᠦᠰᠦ | ᠰᠠᠭᠤᠷᠢ ᠨᠢ ᠠᠷᠠᠳ ᠲᠦᠮᠡᠨ ᠳᠤ ᠪᠤᠢ᠂ ᠠᠮᠢᠨ ᠰᠤᠳᠠᠰᠤ ᠨᠢ ᠠᠷᠠᠳ ᠲᠦᠮᠡᠨ ᠳᠤ ᠪᠤᠢ᠂ ᠬᠦᠴᠦᠨ ᠴᠢᠳᠠᠯ ᠨᠢ ᠠᠷᠠᠳ | ᠲᠦᠮᠡᠨ ᠳᠤ ᠪᠤᠢ᠃ ᠤᠷᠳᠤ ᠬᠤᠭᠤᠴᠠᠭᠠᠨ ᠤ ᠲᠤᠷᠰᠢ ᠭᠠᠷ ᠬᠤᠯᠪᠣᠨ ᠮᠥᠬᠦᠯ ᠠᠴᠠ ᠠᠪᠤᠷᠠᠵᠤ ᠣᠷᠣᠰᠢᠯ ᠲᠣᠭᠲᠠᠨᠢᠯ ᠢ | ᠬᠥᠭᠡᠭᠡᠴᠡᠯᠳᠦᠨ ᠬᠤᠪᠢᠰᠬᠠᠯ ᠤᠨ ᠣᠴᠢ ᠶᠢ ᠳᠦᠷᠡᠯᠵᠡᠭᠦᠯᠦᠭᠰᠡᠨ ᠠᠴᠠ᠂ ᠮᠥᠷᠥ ᠵᠡᠷᠭᠡᠴᠡᠨ ᠪᠠᠶᠢᠯᠳᠤᠵᠤ ᠤᠯᠤᠰ ᠤᠨ | ᠲᠤᠰᠠᠭᠠᠷ ᠲᠣᠭᠲᠠᠨᠢᠯ ᠪᠣᠯᠣᠨ ᠦᠨᠳᠦᠰᠦᠲᠡᠨ ᠤ ᠴᠢᠯᠦᠭᠡᠯᠡᠯᠲᠡ ᠪᠠᠨ ᠪᠡᠶᠡᠯᠡᠭᠦᠯᠦᠭᠰᠡᠨ ᠭᠦᠷᠲᠡᠯ᠎ᠡ᠂ ᠲᠠᠭᠢᠨ | ᠣᠳᠣᠬᠢᠴᠢᠯᠠᠯᠲᠠ ᠶᠢᠨ ᠠᠶᠠᠨ ᠳᠤ ᠬᠠᠮᠲᠤ ᠪᠠᠷ ᠤᠷᠤᠭᠰᠢᠯᠠᠭᠰᠠᠨ ᠭᠦᠷᠲᠡᠯ᠎ᠡ ᠳᠤᠮᠳᠠᠳᠤ ᠸᠢᠶᠧᠳ᠋ᠨᠠᠮ ᠬᠤᠶᠠᠷ ᠤᠯᠤᠰ ᠤᠨ | ᠠᠷᠠᠳ ᠲᠦᠮᠡᠨ ᠢᠮᠠᠭᠲᠠ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ | ᠳᠤᠮᠳᠠᠳᠤ ᠸᠢᠶᠧᠲᠨᠠᠮ ᠤᠨ ᠨᠥᠬᠦᠷᠯᠡᠯ ᠤᠨ ᠲᠡᠦᠬᠡᠨ ᠬᠠᠭᠤᠳᠠᠰᠤ ᠶᠢ ᠬᠠᠮᠲᠤ ᠪᠠᠷ ᠪᠢᠴᠢᠭᠯᠡᠭᠰᠡᠨ ᠶᠤᠮ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠳᠤᠮᠳᠠᠳᠤ ᠸᠢᠶᠧᠲᠨᠠᠮ ᠤᠨ ᠨᠥᠬᠦᠷᠯᠡᠯ ᠨᠢ ᠬᠤᠶᠠᠷ ᠤᠯᠤᠰ ᠤᠨ ᠠᠷᠠᠳ ᠲᠦᠮᠡᠨ ᠤ ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠬᠤ ᠳᠤᠮᠳᠠ ᠦᠨᠳᠦᠰᠦᠯᠡᠨ ᠰᠣᠶᠣᠭᠠᠯᠠᠵᠤ᠂ ᠬᠤᠶᠠᠷ ᠤᠯᠤᠰ ᠤᠨ ᠠᠷᠠᠳ ᠲᠦᠮᠡᠨ | ᠤᠯᠤᠰ ᠤᠨ ᠲᠤᠰᠠᠭᠠᠷ ᠲᠣᠭᠲᠠᠨᠢᠯ ᠪᠣᠯᠣᠨ ᠦᠨᠳᠦᠰᠦᠲᠡᠨ ᠤ ᠴᠢᠯᠦᠭᠡᠯᠡᠯᠲᠡ ᠪᠠᠨ ᠲᠡᠮᠡᠴᠡᠨ ᠣᠯᠬᠤ ᠲᠥᠪ ᠶᠣᠰᠣᠨ ᠤ | ᠦᠢᠯᠡᠰ ᠤᠨ ᠳᠤᠮᠳᠠ ᠮᠥᠷᠥ ᠵᠡᠷᠭᠡᠴᠡᠨ ᠪᠠᠶᠢᠯᠳᠤᠵᠤ᠂ ︽ᠨᠥᠬᠦᠷ ᠪᠥᠭᠡᠳ ᠠᠬ᠎ᠠ ᠳᠡᠭᠦᠦ︾ ᠶᠢᠨ ᠭᠦᠨ ᠵᠤᠵᠠᠭᠠᠨ | ᠨᠥᠬᠦᠷᠯᠡᠯ ᠢ ᠭᠠᠯ ᠤᠯᠠᠭᠠᠨ ᠳᠡᠪᠢᠰᠬᠡᠷ ᠥᠩᠭᠡ ᠪᠠᠷ ᠪᠤᠳᠤᠭᠯᠠᠪᠠ᠃ ᠳᠤᠮᠳᠠᠳᠤ ᠸᠢᠶᠧᠲᠨᠠᠮ ᠤᠨ ᠨᠥᠬᠦᠷᠯᠡᠯ ᠨᠢ ᠬᠤᠶᠠᠷ | ᠤᠯᠤᠰ ᠤᠨ ᠠᠷᠠᠳ ᠲᠦᠮᠡᠨ ᠤ ᠪᠦᠯᠬᠦᠮᠳᠡᠯ ᠬᠠᠮᠵᠢᠯᠴᠠᠭ᠎ᠠ ᠳᠤᠮᠳᠠ ᠴᠡᠴᠡᠭᠯᠡᠨ ᠵᠢᠮᠢᠰᠯᠡᠵᠦ᠂ ᠬᠤᠶᠠᠷ ᠲᠠᠯ᠎ᠠ ᠪᠠᠷ ᠢᠶᠠᠨ ︽ | ᠵᠢᠷᠭᠤᠭᠠᠨ ᠨᠡᠩ ᠪᠠᠶᠢᠬᠤ︾ ᠶᠡᠷᠦᠩᠬᠡᠢ ᠬᠠᠷᠠᠯᠲᠠ ᠶᠢ ᠪᠠᠲᠤ ᠡᠵᠡᠮᠳᠡᠵᠦ᠂ ᠲᠤᠰ ᠲᠤᠰ ᠤᠨ ᠢᠶᠠᠨ ᠤᠯᠤᠰ ᠤᠨ ᠪᠠᠶᠢᠳᠠᠯ ᠳᠤ | ᠨᠡᠶᠢᠴᠡᠭᠰᠡᠨ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ ᠡᠷᠡᠰ ᠲᠡᠮᠵᠢᠵᠤ᠂ ᠨᠡᠶᠢᠭᠡᠮ ᠵᠢᠷᠤᠮ ᠤᠨ ᠪᠦᠲᠦᠭᠡᠨ | ᠪᠠᠶᠢᠭᠤᠯᠤᠯᠲᠠ ᠶᠢᠨ ᠦᠢᠯᠡᠰ ᠤᠨ ᠰᠢᠨ᠎ᠡ ᠠᠮᠵᠢᠯᠲᠠ ᠶᠢ ᠲᠠᠰᠤᠷᠠᠯᠳᠠ ᠦᠭᠡᠢ ᠡᠭᠦᠳᠪᠡ᠃ ᠳᠤᠮᠳᠠᠳᠤ ᠸᠢᠶᠧᠲᠨᠠᠮ ᠤᠨ | ᠨᠥᠬᠦᠷᠯᠡᠯ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠬᠥᠭᠡᠭᠡᠴᠡᠯᠳᠦᠯ ᠳᠤᠮᠳᠠ ᠤᠯᠠᠮᠵᠢᠯᠠᠭᠳᠠᠨ ᠭᠦᠨᠵᠡᠭᠡᠶᠢᠷᠡᠵᠦ | ᠂ ᠬᠤᠶᠠᠷ ᠲᠠᠯ᠎ᠠ ᠪᠠᠷ ᠢᠶᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ | ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠢᠳᠡᠪᠬᠢᠲᠡᠢ | ᠦᠢᠯᠡᠳᠦᠯᠭᠡᠵᠢᠭᠦᠯᠵᠦ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠵᠤ᠂ ᠢᠮᠠᠭᠲᠠ ᠲᠡᠦᠬᠡ ᠶᠢᠨ | ᠵᠥᠪ ᠲᠠᠯ᠎ᠠ᠂ ᠴᠠᠭ ᠦᠶ᠎ᠡ ᠶᠢᠨ ᠲᠠᠪᠰᠢᠯᠳᠠ ᠶᠢᠨ ᠲᠠᠯ᠎ᠠ ᠳᠤ ᠪᠠᠲᠤ ᠵᠣᠭᠰᠣᠵᠤ᠂ ᠠᠽᠢᠶ᠎ᠠ ᠲᠢᠪ ᠪᠣᠯᠣᠨ ᠳᠡᠯᠡᠬᠡᠢ | ᠳ᠋ᠠᠬᠢᠨ ᠳᠤ ᠨᠡᠩ ᠤᠯᠠᠨ ᠢᠳᠡᠪᠬᠢ ᠬᠦᠴᠦᠨ ᠬᠠᠩᠭᠠᠵᠠᠢ ᠭᠡᠵᠦ ᠴᠢᠬᠤᠯᠠᠴᠢᠯᠠᠪᠠ᠃ | | | 4 ᠰᠠᠷ᠎ᠠ ᠶᠢᠨ 15 ᠤ ᠦᠳᠡ ᠶᠢᠨ ᠡᠮᠦᠨ᠎ᠡ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠨᠤᠢ ᠶᠢᠨ ᠤᠯᠠᠨ ᠤᠯᠤᠰ ᠤᠨ | ᠬᠤᠷᠠᠯ ᠤᠨ ᠲᠥᠪ ᠲᠤ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ᠂ | ᠸᠢᠶᠧᠲᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠲᠠᠢ ᠬᠠᠮᠲᠤ ᠳᠤᠮᠳᠠᠳᠤ ᠸᠢᠶᠧᠳ᠋ᠨᠠᠮ ᠤᠨ ᠠᠷᠠᠳ ᠲᠦᠮᠡᠨ ᠤ | ᠬᠠᠮᠲᠤᠷᠠᠭᠰᠠᠨ ᠦᠪᠡᠳᠡᠭᠰᠢ ᠨᠠᠶᠢᠷ ᠤᠨ ᠠᠵᠢᠯᠯᠠᠭ᠎ᠠ ᠶᠢᠨ ᠲᠥᠯᠥᠭᠡᠯᠡᠭᠴᠢᠳ ᠲᠠᠢ ᠠᠭᠤᠯᠵᠠᠪᠠ᠃ ᠵᠢᠷᠤᠭ ᠪᠣᠯ | ᠠᠵᠢᠯᠯᠠᠭ᠎ᠠ ᠠᠴᠠ ᠡᠮᠦᠨ᠎ᠡ ᠰᠢ ᠶᠢᠨ ᠫᠢᠩ ᠰᠦ᠋ ᠯᠢᠨ᠂ ᠯᠢᠶᠠᠩ ᠴᠢᠶᠠᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ | ᠸᠢᠶᠧᠲᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢᠨ ᠭᠡᠷᠡᠯ ᠵᠢᠷᠤᠭ ᠤᠨ ᠦᠵᠡᠰᠭᠦᠯᠡᠩ ᠢ | ᠰᠣᠨᠢᠷᠬᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠢᠨ ᠪᠦᠸᠧ ᠭᠦ᠋ ᠰᠡᠭᠦᠳᠡᠷᠯᠡᠪᠡ | ᠰᠢ ᠶᠢᠨ ᠫᠢᠩ᠂ ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ ᠮᠥᠨ᠂ ᠬᠤᠶᠠᠷ ᠤᠯᠤᠰ ᠤᠨ | ᠠᠷᠠᠳ ᠲᠦᠮᠡᠨ ᠤ ᠬᠦᠷᠢᠶᠡᠯᠡᠯ ᠪᠣᠯᠣᠨ ᠳᠡᠮᠵᠢᠯᠭᠡ ᠪᠣᠯ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢᠨ ᠪᠠᠲᠤ ᠪᠠᠬᠢ ᠰᠠᠭᠤᠷᠢ ᠮᠥᠨ᠃ ᠵᠠᠯᠠᠭᠤᠴᠤᠳ ᠪᠣᠯ ᠠᠵᠢᠯ ᠦᠢᠯᠡᠰ ᠤᠨ ᠢᠷᠡᠭᠡᠳᠦᠢ ᠪᠠ | ᠬᠦᠰᠡᠯ ᠡᠷᠡᠮᠡᠯᠵᠡᠯ ᠮᠥᠨ᠃ ᠳᠤᠮᠳᠠᠳᠤ ᠤᠯᠤᠰ ᠬᠤᠶᠢᠰᠢᠳᠠ ᠶᠢᠨ 3 ᠵᠢᠯ ᠳᠤ ᠸᠢᠶᠧᠲᠨᠠᠮ ᠤᠨ ᠵᠠᠯᠠᠭᠤᠴᠤᠳ ᠢ ᠳᠤᠮᠳᠠᠳᠤ | ᠤᠯᠤᠰ ᠲᠤ ᠤᠷᠢᠵᠤ ︽ᠬᠤᠪᠢᠰᠬᠠᠯᠲᠤ ᠰᠤᠳᠤᠯᠤᠨ ᠰᠤᠷᠤᠯᠴᠠᠬᠤ ᠠᠶᠠᠯᠠᠯ︾ ᠢ ᠥᠷᠨᠢᠭᠦᠯᠵᠦ᠂ ᠬᠤᠶᠠᠷ ᠨᠠᠮ ᠬᠤᠶᠠᠷ | ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠤᠨ ᠬᠤᠪᠢᠰᠬᠠᠯ ᠤᠨ ᠤᠯᠠ ᠮᠥᠷ ᠢ ᠮᠥᠷᠳᠡᠵᠦ᠂ | ᠳᠤᠮᠳᠠᠳᠤ ᠸᠢᠶᠧᠲᠨᠠᠮ ᠤᠨ ᠨᠥᠬᠦᠷᠯᠡᠯ ᠤᠨ ᠬᠤᠪᠢᠰᠬᠠᠯᠲᠤ ᠤᠳᠤᠮᠰᠢᠯ ᠢ ᠡᠷᠢᠯᠬᠢᠯᠡᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠤᠯᠠᠨ ᠲᠠᠯ᠎ᠠ ᠶᠢᠨ ᠥᠩᠭᠡ ᠢᠯᠭᠠᠷᠠᠭᠰᠠᠨ ᠳᠦᠷᠰᠦ ᠪᠠᠶᠢᠳᠠᠯ ᠢ ᠣᠶᠢᠯᠠᠭᠠᠵᠤ᠂ ᠬᠤᠶᠠᠷ ᠤᠯᠤᠰ ᠤᠨ | ᠲᠤᠰ ᠲᠤᠰ ᠤᠨ ᠨᠡᠶᠢᠭᠡᠮ ᠵᠢᠷᠤᠮ ᠤᠨ ᠠᠵᠢᠯ ᠦᠢᠯᠡᠰ ᠪᠣᠯᠣᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ | ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠵᠠᠯᠠᠭᠤ ᠨᠠᠰᠤᠨ ᠤ ᠬᠦᠴᠦᠨ | ᠴᠢᠳᠠᠯ ᠢ ᠨᠢᠭᠲᠠᠷᠠᠭᠤᠯᠤᠨ᠎ᠠ ᠭᠡᠵᠦ ᠵᠢᠭᠠᠵᠤ ᠭᠠᠷᠭᠠᠪᠠ᠃ | ᠰᠦ᠋ ᠯᠢᠨ᠂ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠳᠤ ᠲᠡᠦᠬᠡᠲᠦ | ᠴᠢᠨᠠᠷᠲᠠᠢ ᠠᠶᠢᠯᠴᠢᠯᠠᠯᠲᠠ ᠬᠢᠵᠦ᠂ ᠬᠤᠶᠠᠷ ᠤᠯᠤᠰ ᠢᠶᠠᠷ ᠢᠶᠠᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ | ᠤᠢ ᠪᠣᠯᠣᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ ᠢ ᠬᠠᠮᠲᠤ ᠪᠠᠷ ᠪᠡᠯᠭᠡᠯᠡᠬᠦ ᠲᠠᠰᠢᠷᠠᠮ ᠳᠤ ᠳᠤᠮᠳᠠᠳᠤ | ᠸᠢᠶᠧᠲᠨᠠᠮ ᠤᠨ ᠠᠷᠠᠳ ᠲᠦᠮᠡᠨ ᠤ ᠬᠠᠮᠲᠤᠷᠠᠭᠰᠠᠨ ᠦᠪᠡᠳᠡᠭᠰᠢ ᠨᠠᠶᠢᠷ ᠢ ᠡᠷᠭᠢᠯᠡᠭᠦ ᠨᠢ ᠴᠢᠬᠤᠯᠠ ᠠᠴᠢ ᠬᠤᠯᠪᠣᠭᠳᠠᠯ ᠲᠠᠢ | ᠶᠤᠮ᠃ ᠨᠥᠭᠦᠷᠰᠡᠭ ᠬᠠᠮᠲᠤᠷᠠᠯᠴᠠᠭ᠎ᠠ ᠪᠣᠯ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠶᠢᠨ ᠭᠤᠣᠯ ᠤᠷᠤᠰᠬᠠᠯ ᠪᠣᠯᠣᠭᠰᠠᠭᠠᠷ | ᠢᠷᠡᠵᠠᠢ᠂ ᠳᠤᠮᠳᠠᠳᠤ ᠤᠯᠤᠰ ᠤᠨ ᠨᠠᠮ᠂ ᠵᠠᠰᠠᠭ ᠤᠨ ᠣᠷᠳᠣᠨ ᠪᠣᠯᠣᠨ ᠠᠷᠠᠳ ᠲᠦᠮᠡᠨ ᠸᠢᠶᠧᠲᠨᠠᠮ ᠤᠨ ᠦᠨᠳᠦᠰᠦᠲᠡᠨ ᠤ | ᠲᠤᠰᠠᠭᠠᠷ ᠲᠣᠭᠲᠠᠨᠢᠯ᠂ ᠤᠯᠤᠰ ᠤᠨ ᠨᠢᠭᠡᠳᠦᠯ ᠪᠣᠯᠣᠨ ᠪᠦᠲᠦᠭᠡᠨ ᠪᠠᠶᠢᠭᠤᠯᠤᠯᠲᠠ ᠶᠢᠨ ᠠᠬᠢᠴᠠ ᠳᠤ ᠬᠠᠷᠠᠮ ᠦᠭᠡᠢ | ᠬᠠᠪᠰᠤᠷᠤᠯᠭ᠎ᠠ ᠦᠵᠡᠭᠦᠯᠵᠡᠢ᠂ ᠸᠢᠶᠧᠲᠨᠠᠮ ᠤᠨ ᠬᠢᠨ ᠡᠭᠦᠨ ᠢ ᠢᠮᠠᠭᠲᠠ ᠪᠠᠲᠤ ᠴᠡᠭᠡᠵᠢᠯᠡᠨ᠎ᠡ᠃ ᠪᠠᠶᠢᠯᠳᠤᠬᠤ | ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ ᠸᠢᠶᠧᠲᠨᠠᠮ | ᠳᠤᠮᠳᠠᠳᠤ ᠶᠢᠨ ᠬᠠᠷᠢᠯᠴᠠᠭ᠎ᠠ ᠶᠢᠨ ᠰᠢᠨ᠎ᠡ ᠱᠠᠲᠤᠨ ᠳᠤ ᠣᠷᠣᠬᠤ ᠶᠢ ᠬᠥᠲᠥᠯᠥᠨ ᠳᠠᠭᠠᠭᠤᠯᠬᠤ ᠨᠢ ᠪᠠᠰᠠ ᠬᠥᠮᠥᠨ | ᠲᠥᠷᠥᠯᠬᠢᠲᠡᠨ ᠤ ᠬᠥᠭᠵᠢᠯᠲᠡ ᠲᠠᠪᠰᠢᠯᠳᠠ ᠳᠤ ᠴᠢᠬᠤᠯᠠ ᠬᠤᠪᠢ ᠨᠡᠮᠡᠷᠢ ᠦᠵᠡᠭᠦᠯᠭᠦ ᠪᠣᠯᠣᠨ᠎ᠠ᠃ ᠵᠠᠯᠠᠭᠤᠴᠤᠳ ᠪᠣᠯ | ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠢ ᠤᠯᠠᠮᠵᠢᠯᠠᠨ ᠬᠥᠭᠵᠢᠭᠦᠯᠬᠦ ᠬᠦᠰᠡᠯ ᠡᠷᠡᠮᠡᠯᠵᠡᠯ ᠮᠥᠨ᠃ ᠸᠢᠶᠧᠲᠨᠠᠮ | ᠳᠤᠮᠳᠠᠳᠤ ᠶᠢᠨ ᠵᠠᠯᠠᠭᠤᠴᠤᠳ ᠲᠡᠦᠬᠡᠲᠦ ᠡᠭᠦᠷᠭᠡ ᠪᠠᠨ ᠡᠭᠦᠷᠭᠡᠯᠡᠵᠦ᠂ ᠬᠤᠶᠠᠷ ᠤᠯᠤᠰ ᠤᠨ ᠦᠶ᠎ᠡ ᠦᠶ᠎ᠡ ᠶᠢᠨ | ᠤᠳᠤᠷᠢᠳᠬᠤ ᠬᠥᠮᠥᠰ ᠤᠨ ᠪᠡᠶ᠎ᠡ ᠪᠠᠷ ᠢᠶᠠᠨ ᠴᠣᠭᠴᠠᠯᠠᠨ ᠪᠠᠶᠢᠭᠤᠯᠵᠤ ᠪᠤᠶᠢᠵᠢᠭᠤᠯᠤᠭᠰᠠᠨ ᠤᠯᠠᠮᠵᠢᠯᠠᠯᠲᠤ ᠨᠥᠬᠦᠷᠯᠡᠯ ᠢ | ᠦᠶ᠎ᠡ ᠶᠢᠨ ᠦᠶ᠎ᠡ ᠳᠤ ᠤᠯᠠᠮᠵᠢᠯᠠᠶ᠎ᠠ︔ ᠸᠢᠶᠧᠲᠨᠠᠮ ᠤᠨ ᠵᠠᠯᠠᠭᠤᠴᠤᠳ ᠤᠨ ᠳᠤᠮᠳᠠᠳᠤ ᠤᠯᠤᠰ ᠲᠤ ᠣᠴᠢᠵᠤ ︽ | ᠬᠤᠪᠢᠰᠬᠠᠯᠲᠤ ᠰᠤᠳᠤᠯᠤᠨ ᠰᠤᠷᠤᠯᠴᠠᠬᠤ ᠠᠶᠠᠯᠠᠯ︾ ᠤᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠬᠤᠶᠠᠷ ᠤᠯᠤᠰ ᠤᠨ | ︽ᠨᠥᠬᠦᠷ ᠪᠥᠭᠡᠳ ᠠᠬ᠎ᠠ ᠳᠡᠭᠦᠦ︾ ᠶᠢᠨ ᠨᠥᠬᠦᠷᠯᠡᠯ ᠢ ᠭᠦᠨᠵᠡᠭᠡᠶᠢᠷᠡᠭᠦᠯᠦᠶ᠎ᠡ︔ ᠵᠠᠮ ᠨᠡᠭᠡᠭᠡᠨ ᠰᠢᠨ᠎ᠡ ᠶᠢ ᠡᠭᠦᠳᠴᠦ᠂ | ᠪᠦᠯᠬᠦᠮᠳᠡᠨ ᠬᠠᠮᠵᠢᠯᠴᠠᠵᠤ᠂ ᠬᠥᠭᠵᠢᠯᠲᠡ ᠶᠢ ᠬᠠᠮᠲᠤ ᠪᠠᠷ ᠡᠷᠢᠯᠬᠢᠯᠡᠵᠦ᠂ ᠬᠤᠶᠠᠷ ᠤᠯᠤᠰ ᠤᠨ ᠣᠳᠣᠬᠢᠴᠢᠯᠠᠯᠲᠠ ᠶᠢ | ᠪᠡᠶᠡᠯᠡᠭᠦᠯᠬᠦ ᠳᠤ ᠭᠤᠣᠯ ᠬᠦᠴᠦᠨ ᠴᠡᠷᠢᠭ ᠤᠨ ᠦᠢᠯᠡᠳᠦᠯ ᠢᠶᠠᠨ ᠪᠠᠳᠠᠷᠠᠭᠤᠯᠤᠶ᠎ᠠ ᠭᠡᠵᠦ ᠢᠯᠡᠳᠬᠡᠪᠡ᠃ | | | 4 ᠰᠠᠷ᠎ᠠ ᠶᠢᠨ 15 ᠤ ᠦᠳᠡ ᠶᠢᠨ ᠡᠮᠦᠨ᠎ᠡ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠨᠤᠢ ᠶᠢᠨ ᠤᠯᠠᠨ ᠤᠯᠤᠰ ᠤᠨ | ᠬᠤᠷᠠᠯ ᠤᠨ ᠲᠥᠪ ᠲᠤ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ᠂ | ᠸᠢᠶᠧᠲᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠲᠠᠢ ᠬᠠᠮᠲᠤ ᠳᠤᠮᠳᠠᠳᠤ ᠸᠢᠶᠧᠲᠨᠠᠮ ᠤᠨ ᠠᠷᠠᠳ ᠲᠦᠮᠡᠨ ᠤ | ᠬᠠᠮᠲᠤᠷᠠᠭᠰᠠᠨ ᠦᠪᠡᠳᠡᠭᠰᠢ ᠨᠠᠶᠢᠷ ᠤᠨ ᠠᠵᠢᠯᠯᠠᠭ᠎ᠠ ᠶᠢᠨ ᠲᠥᠯᠥᠭᠡᠯᠡᠭᠴᠢᠳ ᠲᠠᠢ ᠠᠭᠤᠯᠵᠠᠪᠠ᠃ ᠵᠢᠷᠤᠭ ᠪᠣᠯ | ᠠᠵᠢᠯᠯᠠᠭ᠎ᠠ ᠶᠢᠨ ᠳᠠᠷᠠᠭ᠎ᠠ ᠰᠢ ᠶᠢᠨ ᠫᠢᠩ ᠪᠣᠯᠣᠨ ᠰᠦ᠋ ᠯᠢᠨ᠂ ᠯᠢᠶᠠᠩ ᠴᠢᠶᠠᠩ ᠬᠠᠮᠲᠤ ᠪᠠᠷ ︽ᠬᠤᠪᠢᠰᠬᠠᠯᠲᠤ ᠰᠤᠳᠤᠯᠤᠨ | ᠰᠤᠷᠤᠯᠴᠠᠬᠤ ᠠᠶᠠᠯᠠᠯ︾ ᠤᠨ ᠲᠦᠷᠦᠯ ᠵᠦᠢᠯ ᠢ ᠡᠬᠢᠯᠡᠭᠦᠯᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ | ᠠᠵᠢᠯᠯᠠᠭ᠎ᠠ ᠠᠴᠠ ᠡᠮᠦᠨ᠎ᠡ ᠰᠢ ᠶᠢᠨ ᠫᠢᠩ ᠰᠦ᠋ ᠯᠢᠨ᠂ ᠯᠢᠶᠠᠩ ᠴᠢᠶᠠᠩ ᠤᠨ ᠪᠠᠷ᠎ᠠ ᠪᠤᠯᠤᠯᠭ᠎ᠠ ᠲᠠᠢ ᠪᠠᠷ | ᠳᠤᠮᠳᠠᠳᠤ ᠸᠢᠶᠧᠲᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢᠨ ᠭᠡᠷᠡᠯ ᠵᠢᠷᠤᠭ ᠤᠨ | ᠦᠵᠡᠰᠭᠦᠯᠡᠩ ᠢ ᠰᠣᠨᠢᠷᠬᠠᠵᠤ᠂ ᠳᠤᠮᠳᠠᠳᠤ ᠸᠢᠶᠧᠲᠨᠠᠮ ᠬᠤᠶᠠᠷ ᠲᠠᠯ᠎ᠠ ᠶᠢᠨ ᠨᠥᠭᠦᠷᠰᠡᠭ ᠶᠠᠪᠤᠯᠴᠠᠭ᠎ᠠ ᠶᠢᠨ ᠬᠤᠪᠣᠷ ᠨᠠᠨᠳᠢᠨ | ᠵᠢᠷᠤᠭ ᠳᠦᠷᠰᠦ ᠶᠢ ᠡᠷᠭᠢᠴᠡᠭᠦᠯᠪᠡ᠃ | ᠠᠵᠢᠯᠯᠠᠭ᠎ᠠ ᠶᠢᠨ ᠳᠠᠷᠠᠭ᠎ᠠ ᠰᠢ ᠶᠢᠨ ᠫᠢᠩ ᠪᠣᠯᠣᠨ ᠰᠦ᠋ ᠯᠢᠨ᠂ ᠯᠢᠶᠠᠩ ᠴᠢᠶᠠᠩ ᠬᠠᠮᠲᠤ ᠪᠠᠷ ︽ᠬᠤᠪᠢᠰᠬᠠᠯᠲᠤ | ᠰᠤᠳᠤᠯᠤᠨ ᠰᠤᠷᠤᠯᠴᠠᠬᠤ ᠠᠶᠠᠯᠠᠯ︾ ᠤᠨ ᠲᠦᠷᠦᠯ ᠵᠦᠢᠯ ᠢ ᠡᠬᠢᠯᠡᠭᠦᠯᠪᠡ᠃ ᠰᠢ ᠶᠢᠨ ᠫᠢᠩ ᠪᠣᠯᠣᠨ ᠰᠦ᠋ ᠯᠢᠨ᠂ ᠹᠠᠨ | ᠮᠢᠩ ᠵᠧᠩ ᠬᠠᠮᠲᠤ ᠪᠠᠷ ᠳᠤᠮᠳᠠᠳᠤ ᠸᠢᠶᠧᠲᠨᠠᠮ ᠤᠨ ᠲᠡᠮᠦᠷ ᠵᠠᠮ ᠤᠨ ᠬᠠᠮᠲᠤᠷᠠᠯᠴᠠᠭᠠᠨ ᠤ ᠲᠣᠭᠲᠠᠴᠠ ᠶᠢᠨ ᠡᠭᠢᠯᠡᠯᠲᠡ ᠶᠢᠨ | ᠶᠣᠰᠣᠯᠠᠯ ᠢ ᠭᠡᠷᠡᠴᠢᠯᠡᠪᠡ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ | |