| ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 15 ᠤ ᠴᠠᠭᠢᠯᠭᠠᠨ ᠮᠡᠳᠡᠭᠡ 4 ᠰᠠᠷ᠎ᠠ ᠶᠢᠨ 16 ᠤ | ᠡᠳᠦᠷ ᠬᠡᠪᠯᠡᠭᠳᠡᠭᠰᠡᠨ 8 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠰᠣᠶᠣᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ | ᠪᠠᠶᠢᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠪᠢᠳᠡ ᠰᠣᠶᠣᠯ ᠤᠨ | ᠪᠠᠶᠢᠭᠤᠯᠤᠯᠲᠠ ᠶᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠣᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠯᠢ | ᠤᠯᠠᠨ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠰᠣᠶᠣᠯ ᠤᠨ ᠦᠵᠡᠯ ᠰᠠᠨᠠᠭ᠎ᠠ ᠶᠢ ᠪᠦᠷᠢᠯᠳᠦᠭᠦᠯᠵᠦ᠂ ᠰᠣᠶᠣᠯ ᠤᠨ ᠪᠠᠶᠢᠭᠤᠯᠤᠯᠲᠠ ᠨᠢ ᠤᠭ | ᠦᠨᠳᠦᠰᠦ ᠠᠴᠠ ᠨᠢ ᠴᠡᠭᠴᠡᠯᠡᠨ ᠵᠠᠰᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠳᠤᠮᠳᠠ ᠲᠡᠦᠬᠡᠲᠦ ᠴᠢᠨᠠᠷᠲᠠᠢ | ᠠᠮᠵᠢᠯᠲᠠ ᠣᠯᠬᠤ ᠶᠢ ᠠᠬᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠤᠨ ᠪᠠᠶᠢᠭᠤᠯᠤᠯᠲᠠ | ᠯᠠᠪᠳᠠᠭᠤᠨ ᠪᠠᠲᠤᠲᠠᠢ ᠠᠯᠬᠤᠮ ᠢ ᠠᠯᠬᠤᠪᠠ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠨᠢ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠭᠦ ᠲᠠᠯ᠎ᠠ ᠳᠤ ᠬᠤᠯᠪᠣᠭᠳᠠᠵᠤ᠂ ᠳᠤᠮᠳᠠᠳᠤ ᠶᠢᠨ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠦᠢᠯᠡᠰ ᠲᠤ ᠬᠤᠯᠪᠣᠭᠳᠠᠵᠤ᠂ ᠳᠡᠯᠡᠬᠡᠢ ᠳᠡᠭᠡᠷᠡᠬᠢ ᠥᠷᠢᠰᠦᠯᠳᠦᠬᠦ | ᠬᠦᠴᠦᠨ ᠢ ᠳᠡᠭᠡᠭᠰᠢᠯᠡᠭᠦᠯᠭᠦ ᠳᠤ ᠬᠤᠯᠪᠣᠭᠳᠠᠨ᠎ᠠ᠃ ᠪᠢᠳᠡ 2035 ᠣᠨ ᠳᠤ ᠰᠣᠶᠣᠯ ᠤᠨ ᠬᠦᠴᠦᠷᠬᠡᠭ ᠤᠯᠤᠰ ᠢ | ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠷᠺᠰ ᠤᠨ ᠦᠵᠡᠯ ᠭᠡᠬᠦ ᠡᠨᠡ | ᠬᠦ ᠦᠨᠳᠦᠰᠦᠨ ᠵᠢᠯᠤᠭᠤᠳᠬᠤ ᠦᠵᠡᠯ ᠰᠠᠨᠠᠭ᠎ᠠ ᠶᠢ ᠪᠠᠷᠢᠮᠲᠠᠯᠠᠵᠤ᠂ ᠥᠷᠭᠡᠨ ᠳᠡᠯᠭᠡᠷ ᠭᠦᠨ ᠭᠦᠨᠵᠡᠭᠡᠢ ᠳᠤᠮᠳᠠᠳᠤ ᠶᠢᠨ | ᠪᠣᠯᠪᠠᠰᠤᠨ ᠳᠤ ᠦᠨᠳᠦᠰᠦᠯᠡᠵᠦ᠂ ᠮᠡᠳᠡᠭᠡ ᠵᠠᠩᠭᠢ ᠶᠢᠨ ᠮᠡᠷᠭᠡᠵᠢᠯ ᠤᠨ ᠬᠥᠭᠵᠢᠯᠲᠡ ᠶᠢᠨ ᠤᠷᠤᠰᠬᠠᠯ ᠳᠤ ᠵᠣᠬᠢᠴᠠᠵᠤ᠂ | ᠬᠦᠴᠦᠷᠬᠡᠭ ᠶᠡᠭᠡ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠣᠶᠤᠨ ᠰᠠᠨᠠᠭᠠᠨ ᠤ ᠨᠢᠭᠲᠠᠷᠠᠯ ᠤᠨ ᠬᠦᠴᠦᠨ | ᠂ ᠥᠷᠲᠡᠭ ᠤᠨ ᠤᠷᠢᠶᠠᠯᠠᠬᠤ ᠬᠦᠴᠦᠨ᠂ ᠳᠡᠯᠡᠬᠡᠢ ᠳ᠋ᠠᠬᠢᠨ ᠳᠤ ᠨᠥᠯᠥᠭᠡᠯᠡᠬᠦ ᠬᠦᠴᠦᠨ ᠲᠠᠢ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠢ ᠲᠠᠰᠤᠷᠠᠯᠲᠠ ᠦᠭᠡᠢ ᠬᠥᠭᠵᠢᠭᠦᠯᠵᠦ᠂ ᠠᠷᠠᠳ | ᠲᠦᠮᠡᠨ ᠤ ᠣᠶᠤᠨ ᠰᠠᠨᠠᠭᠠᠨ ᠤ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠣᠶᠣᠯ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠵᠣᠬᠢᠶᠠᠯ ᠳᠤ 5 ᠲᠠᠯ᠎ᠠ ᠪᠠᠷ ᠰᠣᠶᠣᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ | ᠲᠤᠬᠠᠢ ᠪᠠᠶᠢᠷᠢᠯᠠᠭᠤᠯᠤᠯᠲᠠ ᠬᠢᠵᠡᠢ᠃ ᠨᠢᠭᠡᠳᠦᠭᠡᠷ ᠲᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠰᠣᠶᠣᠯ ᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠡᠨᠡ ᠬᠦ ᠵᠠᠮ ᠤᠨ ᠬᠠᠮᠤᠭ ᠤᠨ | ᠮᠥᠨ ᠴᠢᠨᠠᠷ ᠤᠨ ᠣᠨᠴᠠᠯᠢᠭ ᠪᠣᠯ ᠳᠠᠷᠤᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠠᠪᠤᠳᠠᠯ ᠪᠣᠯᠣᠨ᠎ᠠ᠃ ᠡᠷᠬᠡᠪᠰᠢ | ᠨᠠᠮ ᠠᠴᠠ ᠤᠬᠠᠭᠤᠯᠭ᠎ᠠ ᠶᠢ ᠬᠠᠮᠢᠶᠠᠷᠬᠤ᠂ ᠨᠠᠮ ᠠᠴᠠ ᠦᠵᠡᠯ ᠤᠬᠠᠮᠰᠠᠷ ᠤᠨ ᠭᠡᠯᠪᠡᠷᠢ ᠶᠢ ᠬᠠᠮᠢᠶᠠᠷᠬᠤ᠂ ᠨᠠᠮ ᠠᠴᠠ | ᠵᠠᠭᠤᠴᠢᠯᠠᠭᠤᠷ ᠢ ᠬᠠᠮᠢᠶᠠᠷᠬᠤ᠂ ᠨᠠᠮ ᠠᠴᠠ ᠢᠨᠲ᠋ᠧᠷ ᠰᠦᠯᠵᠢᠶ᠎ᠡ ᠶᠢ ᠬᠠᠮᠢᠶᠠᠷᠬᠤ ᠵᠠᠷᠴᠢᠮ ᠢ ᠪᠣᠳᠠᠲᠠᠢ ᠳᠤ | ᠨᠠᠶᠢᠳᠠᠪᠤᠷᠢᠵᠢᠭᠤᠯᠵᠤ᠂ ᠮᠡᠳᠡᠭᠡ ᠵᠠᠩᠭᠢᠵᠢᠯᠲᠠ ᠶᠢᠨ ᠨᠥᠬᠦᠴᠡᠯ ᠳᠣᠣᠷᠠᠬᠢ ᠰᠣᠶᠣᠯ ᠤᠨ ᠬᠦᠷᠢᠶᠡᠨ ᠤ ᠵᠠᠰᠠᠯᠲᠠ ᠶᠢᠨ | ᠴᠢᠳᠠᠪᠤᠷᠢ ᠶᠢ ᠳᠡᠭᠡᠭᠰᠢᠯᠡᠭᠦᠯᠵᠦ᠂ ᠦᠵᠡᠯ ᠰᠠᠨᠠᠭ᠎ᠠ᠂ ᠤᠶᠤᠨ ᠰᠠᠨᠠᠭ᠎ᠠ᠂ ᠰᠣᠶᠣᠯ ᠤᠨ ᠲᠠᠯ᠎ᠠ ᠳᠡᠭᠡᠷᠡᠬᠢ ᠨᠠᠮ ᠤᠨ ᠲᠦᠷᠦ | ᠪᠠᠷᠢᠬᠤ ᠰᠠᠭᠤᠷᠢ ᠪᠣᠯᠣᠨ ᠤᠯᠠᠨ ᠲᠦᠮᠡᠨᠴᠢ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠮᠠᠷᠺᠰ ᠤᠨ ᠦᠵᠡᠯ ᠤᠨ ᠦᠵᠡᠯ | ᠤᠬᠠᠮᠰᠠᠷ ᠤᠨ ᠭᠡᠯᠪᠡᠷᠢ ᠶᠢᠨ ᠬᠦᠷᠢᠶᠡᠨ ᠳᠠᠬᠢ ᠵᠢᠯᠤᠭᠤᠳᠬᠤ ᠪᠠᠶᠢᠷᠢ ᠰᠠᠭᠤᠷᠢ ᠶᠢᠨ ᠦᠨᠳᠦᠰᠦᠨ ᠪᠠᠶᠢᠭᠤᠯᠤᠯ ᠢ | ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠤᠨ | ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠣᠳᠣᠬᠢᠴᠢᠯᠠᠯᠲᠠ ᠳᠤ ᠬᠠᠨᠳᠤᠭᠤᠯᠤᠭᠰᠠᠨ᠂ ᠳᠡᠯᠡᠬᠡᠢ ᠳᠤ | ᠬᠠᠨᠳᠤᠭᠤᠯᠤᠭᠰᠠᠨ᠂ ᠢᠷᠡᠭᠡᠳᠦᠢ ᠳᠤ ᠬᠠᠨᠳᠤᠭᠤᠯᠤᠭᠰᠠᠨ᠂ ᠦᠨᠳᠦᠰᠦᠲᠡᠨ ᠤ ᠪᠥᠭᠡᠳ ᠰᠢᠨᠵᠢᠯᠡᠬᠦ ᠤᠬᠠᠭᠠᠨᠴᠢ ᠤᠯᠠᠨ | ᠲᠦᠮᠡᠨᠴᠢ ᠨᠡᠶᠢᠭᠡᠮ ᠵᠢᠷᠤᠮ ᠤᠨ ᠰᠣᠶᠣᠯ ᠢ ᠬᠥᠭᠵᠢᠭᠦᠯᠬᠦ ᠬᠡᠷᠡᠭᠲᠡᠢ᠃ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ | ᠬᠥᠲᠥᠯᠥᠨ ᠳᠠᠭᠠᠭᠤᠯᠬᠤ ᠬᠦᠴᠦᠨ ᠲᠠᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠭᠡᠯᠪᠡᠷᠢ ᠶᠢ ᠪᠠᠶᠢᠭᠤᠯᠬᠤ ᠲᠠᠢ ᠨᠢᠭᠲᠠ | ᠤᠶᠠᠯᠳᠤᠭᠤᠯᠤᠨ ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠪᠠᠷ ᠬᠥᠲᠥᠯᠥᠨ ᠳᠠᠭᠠᠭᠤᠯᠬᠤ ᠶᠢ | ᠪᠠᠷᠢᠮᠲᠠᠯᠠᠵᠤ᠂ ᠳᠤᠮᠳᠠᠳᠤ ᠤᠯᠤᠰ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠦᠷᠲᠡᠭ᠂ ᠳᠤᠮᠳᠠᠳᠤ ᠤᠯᠤᠰ ᠤᠨ | ᠬᠦᠴᠦᠨ ᠢ ᠲᠠᠰᠤᠷᠠᠯᠲᠠ ᠦᠭᠡᠢ ᠪᠠᠶᠢᠭᠤᠯᠵᠤ᠂ ᠭᠤᠣᠯ ᠦᠷᠲᠡᠭ᠂ ᠭᠤᠣᠯ ᠶᠠᠷᠢᠶ᠎ᠠ ᠬᠡᠯᠡᠯᠴᠡᠭᠡ᠂ ᠭᠤᠣᠯ ᠰᠣᠶᠣᠯ ᠢ | ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ | ᠬᠤᠶᠠᠳᠤᠭᠠᠷ ᠲᠤ᠂ ᠪᠦᠭᠦ ᠦᠨᠳᠦᠰᠦᠲᠡᠨ ᠤ ᠰᠣᠶᠣᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ | ᠠᠮᠢᠵᠢᠷᠠᠯ ᠤᠨ ᠬᠦᠴᠦᠨ ᠢ ᠬᠦᠴᠦᠯᠡᠨ ᠬᠥᠭᠵᠢᠭᠡᠬᠦ ᠬᠡᠷᠡᠭᠲᠡᠢ᠃ ᠰᠣᠶᠣᠯ ᠤᠨ ᠠᠮᠢᠵᠢᠷᠠᠯ ᠤᠨ ᠬᠦᠴᠦᠨ ᠨᠢ ᠰᠢᠨ᠎ᠡ ᠶᠢ | ᠡᠭᠦᠳᠴᠦ ᠡᠭᠦᠳᠦᠨ ᠪᠦᠲᠦᠭᠡᠬᠦ ᠳᠤ ᠪᠤᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ | ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠨᠡᠶᠢᠭᠡᠮ ᠤᠨ ᠦᠷ᠎ᠡ ᠠᠰᠢᠭ ᠢ ᠲᠡᠷᠢᠭᠦᠨ | ᠪᠠᠶᠢᠷᠢᠨ ᠳᠤ ᠲᠠᠯᠪᠢᠬᠤ᠂ ᠨᠡᠶᠢᠭᠡᠮ ᠤᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ ᠠᠰᠢᠭ ᠢ ᠨᠢᠭᠡᠳᠬᠡᠬᠦ ᠶᠢ | ᠪᠠᠷᠢᠮᠲᠠᠯᠠᠵᠤ᠂ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠰᠣᠶᠣᠯ ᠤᠨ | ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠤᠣᠯ ᠭᠤᠭᠴᠤᠭ᠎ᠠ ᠪᠤᠯᠭᠠᠵᠤ᠂ ᠰᠣᠶᠣᠯ ᠤᠨ | ᠬᠠᠮᠢᠶᠠᠷᠤᠯᠲᠠ ᠶᠢᠨ ᠪᠠᠶᠢᠭᠤᠯᠤᠯ ᠪᠣᠯᠣᠨ ᠦᠢᠯᠡᠳᠪᠦᠷᠢᠯᠡᠯ ᠡᠵᠡᠩᠨᠡᠯᠲᠡ ᠶᠢᠨ ᠲᠣᠭᠲᠠᠴᠠ ᠶᠢ ᠲᠦᠷᠭᠡᠳᠬᠡᠨ | ᠲᠡᠭᠦᠯᠳᠡᠷᠵᠢᠭᠦᠯᠬᠦ ᠬᠡᠷᠡᠭᠲᠡᠢ᠃ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠦᠢᠯᠡᠳᠪᠦᠷᠢᠯᠡᠯ ᠤᠨ ᠦᠢᠯᠡᠴᠢᠯᠡᠭᠡ᠂ | ᠬᠥᠲᠥᠯᠥᠨ ᠵᠢᠯᠤᠭᠤᠳᠬᠤ᠂ ᠵᠣᠬᠢᠶᠠᠨ ᠪᠠᠶᠢᠭᠤᠯᠬᠤ ᠠᠵᠢᠯ ᠤᠨ ᠲᠣᠭᠲᠠᠴᠠ ᠶᠢ ᠰᠠᠶᠢᠵᠢᠷᠠᠭᠤᠯᠵᠤ᠂ ᠬᠥᠮᠥᠰ ᠤᠨ | ᠰᠡᠳᠬᠢᠯ ᠳᠤ ᠬᠠᠳᠠᠩᠰᠢᠭᠰᠠᠨ ᠨᠢᠭᠡ ᠪᠦᠯᠦᠭ ᠴᠠᠭ ᠦᠶ᠎ᠡ ᠶᠢᠨ ᠰᠣᠩᠭᠤᠳᠠᠭ ᠪᠦᠲᠦᠭᠡᠯ ᠢ ᠵᠣᠬᠢᠶᠠᠨ ᠪᠦᠲᠦᠭᠡᠬᠦ ᠬᠡᠷᠡᠭᠲᠡᠢ᠃ | ᠰᠠᠶᠢᠨ ᠰᠠᠶᠢᠬᠠᠨ ᠰᠣᠶᠣᠯ ᠤᠨ ᠠᠮᠢ ᠠᠬᠤᠢ ᠶᠢ ᠢᠳᠡᠪᠬᠢᠲᠡᠢ ᠪᠤᠢ ᠪᠤᠯᠭᠠᠵᠤ᠂ ᠰᠣᠶᠣᠯ ᠤᠨ ᠰᠢᠨ᠎ᠡ ᠶᠢ ᠡᠭᠦᠳᠬᠦ ᠡᠭᠦᠳᠦᠨ | ᠪᠦᠲᠦᠭᠡᠬᠦ ᠠᠮᠢᠵᠢᠷᠠᠯ ᠤᠨ ᠬᠦᠴᠦᠨ ᠤ ᠦᠷᠭᠦᠯᠵᠢᠯᠡᠨ ᠪᠠᠳᠠᠷᠠᠬᠤ ᠶᠢ ᠠᠬᠢᠭᠤᠯᠬᠤ ᠬᠡᠷᠡᠭᠲᠡᠢ᠃ ᠰᠣᠶᠣᠯ ᠪᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠭᠤᠰᠤᠯᠴᠠᠯ ᠤᠨ ᠪᠦᠲᠦᠮᠵᠢᠲᠡᠶ ᠲᠣᠭᠲᠠᠴᠠ ᠶᠢ ᠰᠦᠪᠡᠭᠴᠢᠯᠡᠵᠦ᠂ ᠰᠣᠶᠣᠯ ᠤᠨ | ᠪᠠᠶᠢᠭᠤᠯᠤᠯᠲᠠ ᠳᠤ ᠲᠣᠭᠠᠴᠢᠯᠠᠯᠲᠠ ᠪᠠᠷ ᠬᠦᠴᠦᠨ ᠣᠯᠭᠤᠬᠤ᠂ ᠮᠡᠳᠡᠭᠡ ᠵᠠᠩᠭᠢᠵᠢᠯᠲᠠ ᠲᠡᠶᠢᠰᠢ ᠭᠡᠯᠪᠡᠷᠢ ᠪᠠᠨ | ᠬᠤᠪᠢᠷᠠᠭᠤᠯᠬᠤ ᠶᠢ ᠪᠡᠶᠡᠯᠡᠭᠦᠯᠬᠦ ᠬᠡᠷᠡᠭᠲᠡᠢ᠃ | ᠭᠤᠷᠪᠠᠳᠤᠭᠠᠷ ᠲᠤ᠂ ᠰᠣᠶᠣᠯ ᠤᠨ ᠪᠠᠶᠢᠭᠤᠯᠤᠯᠲᠠ ᠶᠢ ᠠᠷᠠᠳ ᠲᠦᠮᠡᠨ ᠤ ᠲᠠᠯ᠎ᠠ ᠠᠴᠠ ᠪᠣᠳᠣᠯᠬᠢᠯᠠᠬᠤ᠂ | ᠲᠤᠰᠤᠯᠲᠠ ᠨᠢ ᠠᠷᠠᠳ ᠲᠦᠮᠡᠨ ᠤ ᠳᠡᠭᠡᠷ᠎ᠡ ᠪᠠᠶᠢᠬᠤ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠰᠣᠶᠣᠯ ᠤᠨ ᠬᠦᠴᠦᠷᠬᠡᠭ | ᠤᠯᠤᠰ ᠤᠨ ︽ᠬᠦᠴᠦᠷᠬᠡᠭ︾ ᠨᠢ ᠡᠴᠦᠰ ᠲᠡᠭᠡᠨ ᠠᠷᠠᠳ ᠲᠦᠮᠡᠨ ᠤ ᠦᠵᠡᠯ ᠰᠠᠨᠠᠭᠠᠨ ᠤ ᠲᠦᠪᠰᠢᠨ᠂ ᠤᠶᠤᠨ | ᠰᠠᠨᠠᠭᠠᠨ ᠤ ᠪᠠᠶᠢᠳᠠᠯ᠂ ᠰᠣᠶᠣᠯ ᠤᠨ ᠪᠣᠯᠪᠠᠰᠤᠷᠠᠯ ᠳᠡᠭᠡᠷ᠎ᠡ ᠢᠯᠡᠷᠡᠬᠦ ᠶᠤᠮ᠃ ᠰᠣᠶᠣᠯ ᠤᠨ ᠦᠢᠯᠡᠴᠢᠯᠡᠭᠡ ᠪᠠ ᠰᠣᠶᠣᠯ ᠤᠨ | ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠤᠯᠠᠨ ᠤ ᠰᠣᠶᠣᠯ ᠤᠨ ᠬᠦᠷᠲᠡᠮᠵᠢ ᠶᠢᠨ | ᠲᠥᠷᠥᠭᠳᠡᠯ᠂ ᠵᠢᠷᠭᠠᠯᠲᠤ ᠲᠥᠷᠥᠭᠳᠡᠯ ᠢ ᠨᠡᠮᠡᠭᠳᠡᠭᠦᠯᠬᠦ ᠬᠡᠷᠡᠭᠲᠡᠢ᠃ ᠰᠣᠶᠣᠯ ᠤᠨ ᠰᠡᠳᠬᠢᠯ ᠰᠠᠨᠠᠭ᠎ᠠ ᠵᠣᠷᠢᠭ ᠢ | ᠤᠷᠮᠠᠰᠢᠭᠤᠯᠬᠤ᠂ ᠵᠠᠩ ᠠᠷᠠᠨᠰᠢᠨ ᠢ ᠪᠤᠶᠢᠵᠢᠭᠤᠯᠬᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠪᠦᠭᠦ | ᠦᠨᠳᠦᠰᠦᠲᠡᠨ ᠤ ᠴᠤᠭ ᠵᠣᠷᠢᠭ ᠪᠠᠳᠠᠷᠠᠩᠭᠤᠢ ᠡᠷᠡᠮᠡᠬᠡᠶᠢᠯᠡᠨ ᠲᠠᠪᠰᠢᠬᠤ ᠴᠤᠭ ᠵᠢᠪᠬᠤᠭ᠎ᠠ ᠶᠢ ᠪᠤᠯᠪᠠᠰᠤᠷᠠᠭᠤᠯᠬᠤ ᠬᠡᠷᠡᠭᠲᠡᠢ᠃ | ᠴᠢᠳᠠᠪᠤᠷᠢᠲᠠᠨ ᠢ ᠬᠥᠮᠥᠵᠢᠭᠦᠯᠬᠦ᠂ ᠡᠩᠨᠡᠭᠡ ᠶᠢ ᠪᠠᠶᠢᠭᠤᠯᠬᠤ ᠶᠢ ᠴᠢᠬᠤᠯᠠ ᠪᠥᠭᠡᠳ ᠪᠠᠴᠢᠮ ᠲᠤᠯᠭᠠᠮ ᠪᠠᠶᠢᠯᠳᠤᠬᠤ | ᠪᠣᠳᠣᠯᠭ᠎ᠠ ᠶᠢᠨ ᠡᠭᠦᠷᠭᠡ ᠪᠤᠯᠭᠠᠵᠤ᠂ ᠬᠡᠪᠴᠢᠶ᠎ᠡ ᠪᠠᠷ ᠠᠤᠭ᠎ᠠ ᠶᠡᠭᠡ᠂ ᠪᠦᠲᠦᠴᠡ ᠨᠢ ᠵᠦᠢ ᠵᠣᠬᠢᠰᠲᠠᠢ᠂ ᠡᠷᠡᠰ | ᠰᠢᠭᠤᠷᠬᠠᠢ ᠪᠠᠷ ᠰᠢᠨ᠎ᠡ ᠶᠢ ᠡᠭᠦᠳᠬᠦ ᠥᠨᠳᠥᠷ ᠲᠦᠪᠰᠢᠨ ᠪᠦᠬᠦᠢ ᠰᠣᠶᠣᠯ ᠤᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ | ᠬᠡᠷᠡᠭᠲᠡᠢ᠃ | ᠳᠥᠷᠪᠡᠳᠦᠭᠡᠷ ᠲᠤ᠂ ᠪᠦᠲᠦᠭᠡᠯᠴᠢ ᠴᠢᠨᠠᠷᠲᠠᠢ ᠪᠠᠷ ᠣᠨᠳᠣᠣᠰᠢᠭᠤᠯᠬᠤ ᠪᠠ ᠰᠢᠨ᠎ᠡ ᠶᠢ ᠡᠭᠦᠳᠬᠦ ᠴᠢᠨᠠᠷᠲᠠᠢ ᠪᠠᠷ | ᠬᠥᠭᠵᠢᠭᠦᠯᠬᠦ ᠳᠤᠮᠳᠠ ᠳᠤᠮᠳᠠᠳᠤ ᠶᠢᠨ ᠰᠣᠶᠣᠯ ᠤᠨ ᠤᠳᠤᠮᠰᠢᠯ ᠢ ᠵᠠᠯᠭᠠᠮᠵᠢᠯᠠᠬᠤ ᠬᠡᠷᠡᠭᠲᠡᠢ᠃ ᠳᠤᠮᠳᠠᠳᠤ ᠶᠢᠨ | ᠦᠨᠳᠦᠰᠦᠲᠡᠨ ᠤ ᠰᠣᠶᠣᠯ ᠤᠨ ᠭᠤᠣᠯ ᠴᠣᠭᠴᠠᠲᠤ ᠴᠢᠨᠠᠷ ᠢ ᠥᠨᠳᠥᠷ ᠮᠠᠨᠳᠤᠭᠤᠯᠵᠤ᠂ ᠤᠯᠠᠷᠢᠯ ᠬᠤᠪᠢᠰᠤᠯᠲᠠ ᠶᠢ | ᠲᠤᠭᠤᠯᠤᠬᠰᠠᠨ ᠳᠤᠮᠳᠠᠳᠤ ᠶᠢᠨ ᠪᠣᠯᠪᠠᠰᠤᠨ ᠤ ᠦᠨᠡᠲᠦ ᠡᠷᠳᠡᠨᠢ ᠶᠢ ᠰᠠᠶᠢᠲᠤᠷ ᠬᠠᠮᠠᠭᠠᠯᠠᠵᠤ᠂ ᠰᠠᠶᠢᠲᠤᠷ ᠪᠠᠳᠠᠷᠠᠭᠤᠯᠵᠤ᠂ | ᠰᠠᠶᠢᠲᠤᠷ ᠬᠥᠭᠵᠢᠭᠦᠯᠬᠦ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠲᠡᠦᠬᠡᠲᠦ ᠬᠠᠷᠢᠭᠤᠴᠠᠯᠭ᠎ᠠ | ᠪᠠ ᠲᠠᠷᠬᠠᠨ ᠡᠭᠦᠷᠭᠡ ᠮᠥᠨ᠃ ᠡᠷᠲᠡᠨ ᠤ ᠬᠢ ᠶᠢ ᠡᠳᠦᠭᠡ ᠳᠤ ᠦᠢᠯᠡᠴᠢᠯᠡᠭᠦᠯᠬᠦ᠂ ᠬᠠᠭᠤᠴᠢᠨ ᠢ ᠥᠭᠡᠷᠡᠴᠢᠯᠡᠨ ᠰᠢᠨ᠎ᠡ ᠶᠢ | ᠡᠭᠦᠳᠬᠦ ᠶᠢ ᠪᠠᠷᠢᠮᠲᠠᠯᠠᠵᠤ᠂ ᠪᠦᠲᠦᠭᠡᠯᠴᠢ ᠴᠢᠨᠠᠷᠲᠠᠢ ᠪᠠᠷ ᠣᠨᠳᠣᠣᠰᠢᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ | ᠬᠥᠭᠵᠢᠭᠦᠯᠬᠦ ᠶᠢ ᠪᠠᠷᠢᠮᠲᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠶᠤᠨ ᠰᠠᠨᠠᠭᠠᠨ ᠤ ᠠᠭᠤᠯᠬᠤᠨ ᠢ | ᠭᠦᠨᠵᠡᠭᠡᠢ ᠠᠭᠤᠳᠠᠯᠤᠨ ᠲᠠᠶᠢᠯᠪᠤᠷᠢᠯᠠᠵᠤ᠂ ᠮᠠᠷᠺᠰ ᠤᠨ ᠦᠵᠡᠯ ᠢᠶᠠᠷ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠰᠢᠯᠢᠳᠡᠭ | ᠡᠯᠧᠮᠧᠨ᠋ᠲ ᠢ ᠬᠥᠭᠵᠢᠭᠡᠬᠦ ᠶᠢᠨ ᠬᠠᠮᠲᠤ ᠲᠡᠭᠦᠨ ᠳᠤ ᠴᠠᠭ ᠦᠶ᠎ᠡ ᠶᠢᠨ ᠰᠢᠨ᠎ᠡ ᠠᠭᠤᠯᠬᠤᠨ ᠣᠯᠭᠤᠵᠤ᠂ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠢ ᠬᠥᠭᠵᠢᠭᠦᠯᠬᠦ ᠬᠡᠷᠡᠭᠲᠡᠢ᠃ | ᠲᠡᠦᠬᠡ ᠶᠢ ᠪᠢᠰᠢᠷᠡᠨ ᠵᠢᠷᠦᠬᠡᠰᠢᠶᠡᠬᠦ᠂ ᠰᠣᠶᠣᠯ ᠢ ᠬᠠᠶᠢᠷᠠᠯᠠᠬᠤ ᠰᠡᠳᠬᠢᠯ ᠢ ᠪᠠᠷᠢᠮᠲᠠᠯᠠᠵᠤ᠂ ᠬᠠᠮᠠᠭᠠᠯᠠᠬᠤ ᠶᠢ ᠲᠡᠷᠢᠭᠦᠨ ᠳᠤ | ᠲᠠᠯᠪᠢᠬᠤ᠂ ᠵᠦᠢ ᠵᠣᠬᠢᠰᠲᠠᠢ ᠠᠰᠢᠭᠯᠠᠬᠤ ᠪᠠ ᠬᠠᠮᠤᠭ ᠤᠨ ᠪᠠᠭ᠎ᠠ ᠬᠡᠮᠵᠢᠶ᠎ᠡ ᠪᠠᠷ ᠭᠠᠷ ᠲᠦᠷᠦᠭᠦ ᠵᠠᠷᠴᠢᠮ ᠢ ᠪᠠᠷᠢᠮᠲᠠᠯᠠᠵᠤ᠂ | ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠪᠠ ᠨᠢᠭᠡᠳᠦᠯᠲᠡᠢ ᠬᠢᠨᠠᠯᠲᠠ ᠬᠠᠮᠢᠶᠠᠷᠤᠯᠲᠠ ᠶᠢ ᠠᠬᠢᠭᠤᠯᠬᠤ | ᠬᠡᠷᠡᠭᠲᠡᠢ᠃ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ | ᠬᠡᠷᠡᠭᠲᠡᠢ᠃ | ᠲᠠᠪᠤᠳᠤᠭᠠᠷ ᠲᠤ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠪᠠ ᠳᠤᠮᠳᠠᠳᠤ ᠶᠢᠨ ᠰᠣᠶᠣᠯ ᠤᠨ | ᠨᠥᠯᠥᠭᠡᠯᠡᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠣᠳᠣᠬᠠᠨ ᠳᠤ ᠳᠡᠯᠡᠬᠡᠢ ᠳ᠋ᠠᠬᠢᠨ ᠤ ᠵᠠᠭᠤᠨ | ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠤᠯᠤᠰ ᠤᠨ ᠰᠣᠶᠣᠯ ᠤᠨ ᠨᠥᠯᠥᠭᠡᠯᠡᠬᠦ | ᠬᠦᠴᠦᠨ ᠤ ᠥᠷᠢᠰᠦᠯᠳᠦᠭᠡᠨ ᠴᠦ ᠡᠳᠦᠷ ᠢᠷᠡᠬᠦᠶ᠎ᠡ ᠰᠢᠷᠦᠭᠦᠰᠴᠦ ᠪᠠᠶᠢᠨ᠎ᠠ᠃ ᠬᠠᠷᠢᠭᠤᠴᠠᠯᠭ᠎ᠠ ᠲᠠᠢ ᠲᠣᠮᠣ ᠤᠯᠤᠰ | ᠪᠣᠯᠤᠭᠰᠠᠨ ᠤ ᠬᠤᠪᠢ ᠳᠤ ᠪᠢᠳᠡ ᠡᠷᠬᠡᠪᠰᠢ ᠳᠤᠮᠳᠠᠳᠤ ᠤᠯᠤᠰ ᠤᠨ ᠵᠣᠷᠢᠯᠲᠠ ᠶᠢ ᠨᠡᠩ ᠰᠠᠨᠠᠭᠠᠴᠢᠯᠠᠭ᠎ᠠ ᠠᠴᠠ ᠪᠠᠨ | ᠤᠬᠠᠭᠤᠯᠤᠨ ᠲᠠᠨᠢᠯᠴᠠᠭᠤᠯᠵᠤ᠂ ᠳᠤᠮᠳᠠᠳᠤ ᠶᠢᠨ ᠰᠣᠶᠣᠯ ᠢ ᠳᠠᠮᠵᠢᠭᠤᠯᠵᠤ᠂ ᠳᠤᠮᠳᠠᠳᠤ ᠤᠯᠤᠰ ᠤᠨ ᠳᠦᠷᠢ ᠲᠥᠷᠬᠦ ᠶᠢ | ᠢᠯᠡᠷᠡᠭᠦᠯᠬᠦ ᠬᠡᠷᠡᠭᠲᠡᠢ᠃ ᠤᠯᠠᠨ ᠤᠯᠤᠰ ᠤᠨ ᠳᠠᠮᠵᠢᠭᠤᠯᠭ᠎ᠠ ᠶᠢᠨ ᠪᠠᠶᠢᠷᠢᠰᠢᠯ ᠢ ᠲᠠᠭᠢᠨ ᠪᠠᠶᠢᠭᠤᠯᠬᠤ ᠶᠢ ᠠᠬᠢᠭᠤᠯᠵᠤ᠂ | ᠤᠯᠠᠨ ᠠᠷᠭ᠎ᠠ ᠵᠠᠮ᠂ ᠪᠣᠰᠤᠭ᠎ᠠ ᠴᠣᠭᠴᠠᠲᠤ ᠮᠠᠶ᠋ᠢᠭ ᠤᠨ ᠭᠠᠳᠠᠭᠠᠳᠤ ᠳᠠᠮᠵᠢᠭᠤᠯᠭ᠎ᠠ ᠶᠢᠨ ᠪᠠᠶᠢᠷᠢᠰᠢᠯ ᠢ ᠪᠠᠶᠢᠭᠤᠯᠬᠤ | ᠬᠡᠷᠡᠭᠲᠡᠢ᠃ ᠰᠣᠶᠣᠯ ᠢᠶᠠᠷ ᠳᠡᠯᠡᠬᠡᠢ ᠳ᠋ᠠᠬᠢᠨ ᠲᠠᠢ ᠶᠠᠷᠢᠯᠴᠠᠭ᠎ᠠ ᠬᠢᠬᠦ ᠣᠶᠢᠯᠠᠭᠠᠭᠳᠠᠬᠤᠨ ᠢ ᠴᠢᠩᠭᠠᠳᠬᠠᠵᠤ᠂ ᠤᠯᠠᠨ ᠶᠠᠩᠵᠤ | ᠭᠡᠯᠪᠡᠷᠢ ᠶᠢᠨ ᠤᠯᠠᠨ ᠤᠯᠤᠰ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠨ ᠢᠶᠠᠷ ᠥᠷᠨᠢᠭᠦᠯᠬᠦ | ᠬᠡᠷᠡᠭᠲᠡᠢ᠃ ᠬᠥᠮᠥᠨ ᠲᠥᠷᠥᠯᠬᠢᠲᠡᠨ ᠤ ᠠᠯᠢᠪᠠ ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢ ᠨᠡᠩ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠰᠤᠷᠤᠯᠴᠠᠨ ᠲᠣᠯᠢ ᠪᠤᠯᠭᠠᠵᠤ᠂ ᠡᠷᠲᠡᠨ ᠡᠳᠦᠭᠡᠬᠢ ᠶᠢ ᠠᠭᠤᠰᠬᠠᠬᠤ᠂ ᠳᠤᠮᠳᠠᠳᠤ ᠭᠠᠳᠠᠭᠠᠳᠤ ᠶᠢ | ᠨᠡᠪᠲᠡᠷᠡᠭᠦᠯᠬᠦ ᠨᠢᠭᠡ ᠪᠦᠯᠦᠭ ᠰᠣᠶᠣᠯ ᠤᠨ ᠦᠷ᠎ᠡ ᠪᠦᠲᠦᠭᠡᠯ ᠢ ᠡᠭᠦᠳᠦᠨ ᠪᠦᠲᠦᠭᠡᠬᠦ ᠬᠡᠷᠡᠭᠲᠡᠢ᠃ | ᠵᠣᠬᠢᠶᠠᠯ ᠳᠤ᠂ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠪᠦᠭᠦ ᠨᠠᠮ ᠪᠦᠭᠦ | ᠨᠡᠶᠢᠭᠡᠮ ᠤᠨ ᠬᠠᠮᠲᠤ ᠶᠢᠨ ᠡᠭᠦᠷᠭᠡ ᠮᠥᠨ᠃ ᠨᠠᠮ ᠤᠨ ᠲᠥᠪ ᠬᠤᠷᠢᠶ᠎ᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ | ᠰᠣᠶᠣᠯ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠰᠣᠶᠣᠯ ᠤᠨ | ᠪᠠᠶᠢᠭᠤᠯᠤᠯᠲᠠ ᠶᠢ ᠤᠳᠤᠷᠢᠳᠤᠨ ᠬᠠᠮᠢᠶᠠᠷᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ ᠤ | ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠰᠣᠶᠣᠯ ᠤᠨ ᠪᠠᠶᠢᠭᠤᠯᠤᠯᠲᠠ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ | ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠨ᠂ ᠰᠣᠶᠣᠯ ᠤᠨ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | |