| | ᠰᠢᠨᠬᠤᠸᠠ ᠬᠤᠷᠢᠶ᠎ᠠ ᠶᠢᠨ ᠺᠤᠸᠠᠯᠠ ᠯᠦᠮᠫᠦ᠋ᠷ ᠤᠨ 4 ᠰᠠᠷ᠎ᠠ ᠶᠢᠨ 15 ᠤ ᠴᠠᠭᠢᠯᠭᠠᠨ ᠮᠡᠳᠡᠭᠡ ᠲᠤᠬᠠᠢ ᠶᠢᠨ | ᠭᠠᠵᠠᠷ ᠤᠨ ᠴᠠᠭ ᠢᠶᠠᠷ 4 ᠰᠠᠷ᠎ᠠ ᠶᠢᠨ 15 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ | ᠺᠤᠸᠠᠯᠠ ᠯᠦᠮᠫᠦ᠋ᠷ ᠲᠤ ᠬᠦᠷᠴᠦ᠂ ᠮᠠᠯᠠᠶᠢᠰᠢᠶ᠎ᠠ ᠶᠢᠨ ᠬᠠᠮᠤᠭ ᠤᠨ ᠳᠡᠭᠡᠳᠦ ᠲᠡᠷᠢᠭᠦᠨ ᠢᠪᠦ᠋ᠯᠠᠰᠢᠨ ᠤ ᠤᠷᠢᠯᠭ᠎ᠠ ᠪᠠᠷ | ᠮᠠᠯᠠᠶᠢᠰᠢᠶ᠎ᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠡᠬᠢᠯᠡᠪᠡ᠃ | | | ᠲᠤᠰᠬᠠᠢ ᠨᠢᠰᠬᠡᠯ ᠺᠦᠸᠠᠯᠠ ᠯᠦᠮᠫᠦ᠋ᠷ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠦᠷᠬᠦ ᠳᠤ | ᠮᠠᠯᠠᠶᠢᠰᠢᠶ᠎ᠠ ᠶᠢᠨ ᠶᠡᠷᠦᠩᠬᠡᠢ ᠰᠠᠶᠢᠳ ᠠᠨᠸᠠᠷ᠂ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠮᠦᠬᠠᠨᠮᠦ᠋ᠳ᠋᠂ ᠪᠠᠷ᠎ᠠ ᠪᠤᠯᠬᠤ | ᠶᠠᠮᠤᠨ ᠤ ᠰᠠᠶᠢᠳ᠂ ᠵᠠᠮ ᠬᠠᠷᠢᠯᠴᠠᠭᠠᠨ ᠤ ᠶᠠᠮᠤᠨ ᠤ ᠰᠠᠶᠢᠳ ᠯᠦ ᠵᠤᠤ ᠹᠦ᠋ ᠵᠡᠷᠭᠡ ᠳᠡᠭᠡᠳᠦ ᠲᠡᠰ ᠤᠨ ᠠᠯᠪᠠᠨ | ᠲᠤᠰᠢᠶᠠᠯᠲᠠᠨ ᠬᠠᠯᠠᠭᠤᠨ ᠢᠶᠠᠷ ᠤᠭᠲᠤᠪᠠ᠃ ᠮᠠᠯᠠᠶᠢᠰᠢᠶ᠎ᠠ ᠶᠢᠨ ᠬᠡᠦᠬᠡᠳ ᠰᠢ ᠶᠢᠨ ᠫᠢᠩ ᠳᠤ ᠰᠣᠷᠭᠤᠭ ᠴᠡᠴᠡᠭ ᠬᠦᠷᠭᠡᠵᠦ᠂ | ᠮᠠᠯᠠᠶᠢᠰᠢᠶ᠎ᠠ ᠶᠢᠨ ᠵᠠᠯᠠᠭᠤᠴᠤᠳ ᠪᠠᠭᠠᠴᠤᠳ ᠲᠤᠬᠠᠢ ᠶᠢᠨ ᠭᠠᠵᠠᠷ ᠤᠨ ᠣᠨᠴᠠᠯᠢᠭ ᠪᠦᠬᠦᠢ ᠪᠥᠵᠢᠭ ᠢ ᠪᠥᠵᠢᠭᠯᠡᠵᠦ᠂ | ᠳᠤᠮᠳᠠᠳᠤ ᠮᠠᠯᠠᠶᠢᠰᠢᠶ᠎ᠠ ᠬᠤᠶᠠᠷ ᠤᠯᠤᠰ ᠤᠨ ᠤᠯᠤᠰ ᠤᠨ ᠲᠤᠭ ᠢ ᠬᠤᠷᠦ᠋ᠢᠯᠠᠵᠤ᠂ ᠰᠢ ᠶᠢᠨ ᠫᠢᠩ ᠤᠨ ᠠᠶᠢᠯᠴᠢᠯᠠᠷ᠎ᠠ | ᠢᠷᠡᠭᠰᠡᠨ ᠢ ᠬᠠᠯᠠᠭᠤᠨ ᠢᠶᠠᠷ ᠤᠭᠲᠤᠪᠠ᠃ | | | ᠰᠢ ᠶᠢᠨ ᠫᠢᠩ ᠪᠢᠴᠢᠭ ᠤᠨ ᠭᠡᠯᠪᠡᠷᠢ ᠪᠠᠷ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠵᠠᠰᠠᠭ ᠤᠨ ᠣᠷᠳᠣᠨ | ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠮᠠᠯᠠᠶᠢᠰᠢᠶ᠎ᠠ ᠶᠢᠨ ᠵᠠᠰᠠᠭ ᠤᠨ ᠣᠷᠳᠣᠨ ᠪᠣᠯᠣᠨ | ᠮᠠᠯᠠᠶᠢᠰᠢᠶ᠎ᠠ ᠶᠢᠨ ᠠᠷᠠᠳ ᠲᠦᠮᠡᠨ ᠳᠤ ᠴᠢᠩ ᠰᠡᠳᠬᠢᠯ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠳᠡᠪᠰᠢᠭᠦᠯᠵᠡᠢ᠃ | | ᠰᠢ ᠶᠢᠨ ᠫᠢᠩ᠂ ᠳᠤᠮᠳᠠᠳᠤ ᠮᠠᠯᠠᠶᠢᠰᠢᠶ᠎ᠠ ᠪᠣᠯ ᠲᠠᠯᠠᠢ ᠲᠠᠩᠭᠢᠰ ᠠᠯᠤᠰᠯᠠᠨ ᠰᠠᠭᠤᠭᠰᠠᠨ ᠨᠥᠭᠦᠷᠰᠡᠭ ᠬᠥᠷᠰᠢ | ᠤᠯᠤᠰ ᠮᠥᠨ᠂ ᠤᠯᠠᠮᠵᠢᠯᠠᠯᠲᠤ ᠨᠥᠬᠦᠷᠯᠡᠯ ᠮᠢᠩᠭᠠᠨ ᠣᠨ ᠦᠷᠭᠦᠯᠵᠢᠯᠡᠵᠦ ᠪᠤᠢ᠃ ᠬᠠᠷᠢᠯᠴᠠᠭ᠎ᠠ ᠪᠠᠶᠢᠭᠤᠯᠤᠭᠰᠠᠨ ᠬᠠᠭᠠᠰ | ᠭᠠᠷᠤᠢ ᠵᠠᠭᠤᠨ ᠤ ᠲᠤᠷᠰᠢ ᠬᠤᠶᠠᠷ ᠤᠯᠤᠰ ᠢᠶᠠᠷ ᠢᠶᠠᠨ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠷ ᠬᠠᠨᠳᠤᠬᠤ᠂ | ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠤᠯᠤᠰ ᠪᠣᠯᠣᠨ ᠤᠯᠤᠰ ᠤᠨ ᠬᠤᠭᠤᠷᠣᠨᠳᠣᠭᠢ | ᠬᠠᠷᠢᠯᠴᠠᠭ᠎ᠠ ᠶᠢᠨ ᠬᠡᠪ ᠳᠠᠭᠤᠷᠢᠶᠠᠯ ᠢ ᠪᠤᠢ ᠪᠣᠯᠭᠠᠪᠠ᠃ 2023 ᠣᠨ ᠳᠤ ᠬᠤᠶᠠᠷ ᠲᠠᠯ᠎ᠠ ᠪᠠᠷ ᠢᠶᠠᠨ ᠳᠤᠮᠳᠠᠳᠤ | ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠲᠤᠬᠠᠢ ᠴᠢᠬᠤᠯᠠ ᠬᠠᠮᠲᠤ ᠶᠢᠨ | ᠲᠠᠨᠢᠯᠲᠠ ᠲᠠᠢ ᠪᠣᠯᠵᠤ᠂ ᠨᠢᠳᠤᠨᠤᠨ ᠬᠤᠶᠠᠷ ᠤᠯᠤᠰ ᠢᠶᠠᠷ ᠢᠶᠠᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ | ᠣᠶ ᠶᠢ ᠦᠪᠡᠳᠡᠭᠰᠢ ᠶᠡᠭᠡ ᠪᠠᠷ ᠪᠡᠯᠭᠡᠯᠡᠪᠡ᠃ ᠴᠢᠬᠤᠯᠠ ᠬᠥᠭᠵᠢᠵᠦ ᠪᠠᠶᠢᠭ᠎ᠠ ᠤᠯᠤᠰ ᠪᠣᠯᠣᠨ ᠪᠦᠭᠦ ᠪᠥᠮᠪᠥᠷᠴᠡᠭ ᠤᠨ | ᠬᠥᠭᠵᠢᠵᠦ ᠪᠠᠶᠢᠭ᠎ᠠ ᠤᠯᠤᠰ ᠤᠳ ᠤᠨ ᠪᠦᠷᠢᠯᠳᠦᠭᠦᠨ ᠪᠣᠯᠤᠭᠰᠠᠨ ᠤ ᠬᠤᠪᠢ ᠳᠤ ᠳᠤᠮᠳᠠᠳᠤ ᠮᠠᠯᠠᠶᠢᠰᠢᠶ᠎ᠠ ᠥᠨᠳᠥᠷ | ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠨᠢ ᠬᠤᠶᠠᠷ ᠤᠯᠤᠰ ᠤᠨ | ᠬᠠᠮᠲᠤ ᠶᠢᠨ ᠠᠰᠢᠭ ᠲᠤᠰᠠ ᠲᠠᠢ ᠨᠡᠶᠢᠴᠡᠵᠦ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ᠂ | ᠲᠣᠭᠲᠠᠭᠤᠨ᠂ ᠬᠥᠭᠵᠢᠯ ᠴᠡᠴᠡᠭᠯᠡᠯ ᠳᠤ ᠠᠰᠢᠭᠲᠠᠢ ᠶᠤᠮ᠃ ᠪᠢ ᠡᠨᠡ ᠤᠳᠠᠭ᠎ᠠ ᠶᠢᠨ ᠠᠶᠢᠯᠴᠢᠯᠠᠯᠲᠠ ᠪᠠᠷ ᠠᠵᠠ ᠲᠣᠭᠢᠶᠠᠯ | ᠪᠤᠯᠭᠠᠵᠤ᠂ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠤᠶᠠᠷ | ᠲᠠᠯ᠎ᠠ ᠶᠢᠨ ᠤᠯᠤᠰ ᠲᠦᠷᠦ ᠶᠢᠨ ᠢᠲᠡᠭᠡᠯᠴᠡᠭᠡ ᠶᠢ ᠨᠡᠮᠡᠭᠳᠡᠭᠦᠯᠵᠦ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ | ᠬᠠᠮᠲᠤᠷᠠᠯᠴᠠᠭ᠎ᠠ ᠶᠢ ᠠᠬᠢᠭᠤᠯᠵᠤ᠂ ᠪᠣᠯᠪᠠᠰᠤᠨ ᠤ ᠰᠣᠯᠢᠯᠴᠠᠭ᠎ᠠ ᠬᠠᠷᠢᠯᠴᠠᠨ ᠲᠣᠯᠢ ᠪᠤᠯᠭᠠᠬᠤ ᠶᠢ ᠬᠠᠮᠲᠤ ᠪᠠᠷ ᠠᠬᠢᠭᠤᠯᠵᠤ᠂ | ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠠᠰᠤᠷᠠᠯᠳᠠ ᠦᠭᠡᠢ | ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠳᠤᠮᠳᠠᠳᠤ ᠮᠠᠯᠠᠶᠢᠰᠢᠶ᠎ᠠ ᠶᠢᠨ ᠬᠠᠷᠢᠯᠴᠠᠭ᠎ᠠ ᠶᠢᠨ ᠰᠢᠨ᠎ᠡ ︽ᠰᠢᠵᠢᠷ ᠠᠯᠳᠠᠨ | 50 ᠵᠢᠯ︾ ᠢ ᠡᠬᠢᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠼᠠᠢ ᠴᠢ᠂ ᠸᠠᠩ ᠢ᠂ ᠸᠠᠩ ᠰᠢᠶᠣᠣ ᠬᠤᠩ ᠵᠡᠷᠭᠡ ᠪᠠᠷ᠎ᠠ ᠪᠣᠯᠣᠭᠰᠠᠳ ᠨᠢᠭᠡ ᠨᠢᠰᠬᠡᠯ ᠢᠶᠠᠷ ᠬᠠᠮᠲᠤ ᠭᠦᠷᠪᠡ᠃ | | ᠮᠠᠯᠠᠶᠢᠰᠢᠶ᠎ᠠ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠧᠦ ᠶᠠᠩ ᠢᠦᠢ ᠵᠢᠩ ᠪᠠᠰᠠ | ᠨᠢᠰᠬᠡᠯ ᠤᠨ ᠪᠠᠭᠤᠳᠠᠯ ᠳᠤ ᠬᠦᠷᠴᠦ ᠤᠭᠲᠤᠵᠠᠢ᠃ | ᠰᠢ ᠶᠢᠨ ᠫᠢᠩ ᠲᠡᠷᠭᠡᠨ ᠳᠤ ᠰᠠᠭᠤᠵᠤ ᠨᠢᠰᠬᠡᠯ ᠤᠨ ᠪᠠᠭᠤᠳᠠᠯ ᠠᠴᠠ ᠰᠠᠭᠠᠲᠠᠨ ᠪᠠᠭᠤᠬᠤ ᠪᠠᠭᠤᠳᠠᠯ ᠳᠠᠭᠠᠨ | ᠬᠦᠷᠬᠦ ᠵᠠᠮ ᠵᠠᠭᠤᠷ᠎ᠠ ᠲᠤᠬᠠᠢ ᠶᠢᠨ ᠭᠠᠵᠠᠷ ᠤᠨ ᠳᠤᠮᠳᠠᠳᠤ ᠶᠢᠨ ᠪᠡᠯᠡᠲᠤ ᠠᠵᠤ ᠠᠬᠤᠶᠢᠯᠠᠯ ᠤᠨ ᠬᠥᠮᠥᠰ᠂ ᠭᠠᠳᠠᠭᠠᠳᠤ ᠳᠤ | ᠰᠤᠷᠤᠯᠴᠠᠵᠦ ᠪᠠᠶᠢᠭ᠎ᠠ ᠰᠤᠷᠤᠬᠴᠢᠳ ᠵᠠᠮ ᠤᠨ ᠬᠤᠶᠠᠷ ᠬᠠᠵᠠᠭᠤ ᠳᠤ ᠳᠤᠮᠳᠠᠳᠤ ᠮᠠᠯᠠᠶᠢᠰᠢᠶ᠎ᠠ ᠬᠤᠶᠠᠷ ᠤᠯᠤᠰ ᠤᠨ | ᠤᠯᠤᠰ ᠤᠨ ᠲᠤᠭ ᠢ ᠬᠤᠷᠦ᠋ᠢᠯᠠᠵᠤ᠂ ︽ᠲᠡᠷᠢᠭᠦᠯᠡᠭᠴᠢ ᠰᠢ ᠶᠢᠨ ᠫᠢᠩ ᠤᠨ ᠮᠠᠯᠠᠶᠢᠰᠢᠶ᠎ᠠ ᠳᠤ ᠠᠶᠢᠯᠴᠢᠯᠠᠷ᠎ᠠ ᠢᠷᠡᠭᠰᠡᠨ ᠢ | ᠪᠠᠶᠠᠷᠯᠠᠨ ᠤᠭᠲᠤᠶ᠎ᠠ︾᠂ ︽ᠳᠤᠮᠳᠠᠳᠤ ᠮᠠᠯᠠᠶᠢᠰᠢᠶ᠎ᠠ ᠶᠢᠨ ᠨᠥᠬᠦᠷᠯᠡᠯ ᠮᠠᠨᠳᠤᠲᠤᠭᠠᠢ︾ ᠵᠡᠷᠭᠡ ᠤᠯᠠᠭᠠᠨ ᠥᠩᠭᠡ ᠶᠢᠨ | ᠬᠥᠨᠳᠡᠯᠡᠨ ᠪᠢᠴᠢᠭᠡᠰᠦ ᠶᠢ ᠥᠨᠳᠥᠷ ᠡᠷᠭᠦᠵᠦ᠂ ᠳᠤᠮᠳᠠᠳᠤ ᠶᠢᠨ ᠬᠠᠷᠢᠶᠠᠲᠤ ᠪᠠ ᠳᠤᠮᠳᠠᠳᠤᠴᠤᠳ ᠭᠦᠷ | ᠬᠥᠭᠵᠢᠶᠡᠨ ᠲᠠᠢ ᠪᠠᠷ ᠠᠷᠰᠯᠠᠨ ᠲᠣᠭᠯᠠᠭᠤᠯᠤᠨ ᠪᠥᠵᠢᠭᠯᠡᠵᠦ᠂ ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ ᠪᠠᠶᠠᠷᠯᠠᠨ | ᠤᠭᠲᠤᠪᠠ᠃ | |