ᠳ᠋ᠠ ᠪᠸᠢ ᠨᠦᠩ ᠰᠢᠷ᠎ᠠ ᠪᠤᠷᠴᠠᠭ ᠤᠨ ᠠᠮᠢᠳᠤ ᠪᠣᠳᠠᠰ ᠤᠨ ᠡᠭᠦᠯᠳᠡᠷ ᠰᠠᠶᠢᠵᠢᠷᠠᠭᠤᠯᠬᠤ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠲᠥᠪ ᠪᠠᠶᠢᠭᠤᠯᠤᠭᠳᠠᠵᠠᠢ
ᠨᠡᠶᠢᠲᠡᠯᠡᠭᠰᠡᠨ ᠴᠠᠭ᠄
2025/4/2
    3 ᠰᠠᠷ᠎ᠠ ᠶᠢᠨ 30 ᠤ ᠡᠳᠦᠷ᠂ ᠳ᠋ᠠ ᠪᠸᠢ ᠨᠦᠩ ᠰᠢᠷ᠎ᠠ ᠪᠤᠷᠴᠠᠭ ᠤᠨ ᠠᠮᠢᠳᠤ ᠪᠣᠳᠠᠰ ᠤᠨ ᠡᠭᠦᠯᠳᠡᠷ ᠰᠠᠶᠢᠵᠢᠷᠠᠭᠤᠯᠬᠤ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠲᠥᠪ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠫᠠᠶᠢᠰᠠ ᠰᠡᠬᠦᠵᠦ ᠪᠠᠶᠢᠭᠤᠯᠤᠭᠳᠠᠪᠠ᠃ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠮᠠ ᠱᠦ ᠭᠠᠩ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢ ᠶᠣᠣ ᠵᠢᠶᠧ᠂ ᠪᠡᠭᠡᠵᠢᠩ ᠤᠨ ᠳ᠋ᠡ ᠪᠸᠢ ᠨᠦᠩ ᠠᠮᠢᠳᠤ ᠪᠣᠳᠠᠰ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠠᠨ ᠰᠢ ᠪᠠᠩ᠂ ᠥᠪᠥᠷ ᠮᠣᠩᠭᠤᠯ ᠤᠨ ᠬᠥ᠋ ᠯᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠪᠦᠦ ᠬᠤᠩ ᠨᠠᠷ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠤᠨ ᠪᠡᠭᠡᠵᠢᠩ ᠤᠨ ᠳ᠋ᠡ ᠪᠸᠢ ᠨᠦᠩ ᠠᠮᠢᠳᠤ ᠪᠣᠳᠠᠰ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠤᠷᠠᠯᠳᠤᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠶᠠᠷᠢᠯᠴᠠᠬᠤ ᠬᠤᠷᠠᠯ ᠳᠡᠭᠡᠷ᠎ᠡ᠂ ᠥᠪᠥᠷ ᠮᠣᠩᠭᠤᠯ ᠤᠨ ᠬᠦ᠋ ᠯᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠤᠨ ᠪᠡᠭᠡᠵᠢᠩ ᠤᠨ ᠳ᠋ᠡ ᠪᠸᠢ ᠨᠦᠩ ᠠᠮᠢᠳᠤ ᠪᠣᠳᠠᠰ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠤᠰ ᠲᠤᠰ ᠺᠣᠮᠫᠠᠨᠢ ᠶᠢᠨ ᠦᠨᠳᠦᠰᠦᠨ ᠪᠠᠶᠢᠳᠠᠯ ᠪᠣᠯᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠲᠥᠯᠥᠪᠵᠢᠭᠦᠯᠭᠡ ᠶᠢ ᠲᠠᠨᠢᠯᠴᠠᠭᠤᠯᠤᠭᠰᠠᠨ ᠪᠥᠭᠡᠳ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃    ᠬᠤᠷᠠᠯ ᠳᠡᠭᠡᠷ᠎ᠡ᠂ ᠮᠠ ᠱᠤ᠋ ᠭᠠᠩ᠂ ᠠᠮᠢᠳᠤ ᠪᠣᠳᠠᠰ ᠤᠨ ᠡᠭᠦᠯᠳᠡᠷ ᠰᠠᠶᠢᠵᠢᠷᠠᠭᠤᠯᠬᠤ ᠨᠢ ᠣᠲᠣ ᠦᠶ᠎ᠡ ᠶᠢᠨ ᠲᠠᠷᠢᠶᠠᠯᠠᠩ ᠤᠨ ︽ᠴᠢᠫ︾ ᠪᠣᠯᠤᠭᠰᠠᠨ ᠤ ᠬᠤᠪᠢ ᠳᠤ᠂ ᠪᠠᠲᠤᠯᠠᠭ᠎ᠠ ᠶᠢᠨ ᠴᠢᠨᠠᠷᠲᠠᠶ ᠭᠤᠤᠯᠯᠠᠬᠤ ᠠᠵᠤ ᠦᠢᠯᠡᠰ ᠮᠥᠨ᠂ ᠲᠣᠰ ᠤᠳᠠᠭ᠎ᠠ ᠬᠤᠶᠠᠷ ᠲᠠᠯ᠎ᠠ ᠶᠢᠨ ᠳᠠᠪᠠᠭᠤᠯᠢᠭ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠤᠯᠳᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠦᠨᠵᠡᠭᠡᠶ ᠠᠭᠤᠰᠤᠯᠴᠠᠯ ᠢ ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠲᠦᠷᠭᠡᠳᠬᠡᠵᠦ᠂ ᠬᠢᠩᠭᠠᠨ ᠠᠶᠢᠮᠠᠭ ᠤᠨ ᠰᠢᠷ᠎ᠠ ᠪᠤᠷᠴᠠᠭ ᠤᠨ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠰᠢᠷ᠎ᠠ ᠪᠤᠷᠴᠠᠭ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠬᠡᠵᠡᠢ᠃    ᠳᠠᠷᠠᠭ᠎ᠠ ᠳᠤᠨᠢ᠂ ᠬᠤᠶᠠᠷ ᠠᠵᠤ ᠠᠬᠤᠶᠢᠯᠠᠯ ᠬᠠᠮᠲᠤᠪᠠᠷ ᠳ᠋ᠠ ᠪᠸᠢ ᠨᠦᠩ ᠰᠢᠷ᠎ᠠ ᠪᠤᠷᠴᠠᠭ ᠤᠨ ᠠᠮᠢᠳᠤ ᠪᠣᠳᠠᠰ ᠤᠨ ᠡᠭᠦᠯᠳᠡᠷ ᠰᠠᠶᠢᠵᠢᠷᠠᠭᠤᠯᠬᠤ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠲᠥᠪ ᠢ ᠬᠠᠮᠲᠤᠪᠠᠷ ᠪᠠᠶᠢᠭᠤᠯᠬᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃ ᠶᠣᠰᠣᠯᠠᠯ ᠳᠤ ᠣᠷᠣᠯᠴᠠᠭᠰᠠᠨ ᠵᠠᠰᠠᠭ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠠᠮᠲᠤᠪᠠᠷ ᠳ᠋ᠠ ᠪᠸᠢ ᠨᠦᠩ ᠰᠢᠷ᠎ᠠ ᠪᠤᠷᠴᠠᠭ ᠤᠨ ᠠᠮᠢᠳᠤ ᠪᠣᠳᠠᠰ ᠤᠨ ᠡᠭᠦᠯᠳᠡᠷ ᠰᠠᠶᠢᠵᠢᠷᠠᠭᠤᠯᠬᠤ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠲᠥᠪ ᠤᠨ ᠫᠠᠶᠢᠰᠠ ᠶᠢ ᠰᠡᠬᠦᠪᠡ᠃ ᠳ᠋ᠠ ᠪᠸᠢ ᠨᠦᠩ ᠰᠢᠷ᠎ᠠ ᠪᠤᠷᠴᠠᠭ ᠤᠨ ᠠᠮᠢᠳᠤ ᠪᠣᠳᠠᠰ ᠤᠨ ᠡᠭᠦᠯᠳᠡᠷ ᠰᠠᠶᠢᠵᠢᠷᠠᠭᠤᠯᠬᠤ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠲᠥᠪ ᠤᠨ ᠫᠠᠶᠢᠰᠠ ᠰᠡᠬᠦᠭᠰᠡᠨ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠮᠢᠳᠤ ᠪᠣᠳᠠᠰ ᠤᠨ ᠡᠭᠦᠯᠳᠡᠷ ᠰᠠᠶᠢᠵᠢᠷᠠᠭᠤᠯᠬᠤ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠭᠦᠨᠵᠡᠭᠡᠶ ᠠᠭᠤᠰᠤᠯᠴᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠲᠠᠯ᠎ᠠ ᠪᠠᠷ ᠴᠢᠬᠤᠯᠠ ᠨᠢᠭᠡ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠂ ᠡᠨᠡ ᠨᠢ ᠮᠥᠨ ᠴᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠭᠦᠨᠵᠡᠭᠡᠶ ᠨᠠᠶᠢᠳᠠᠪᠤᠷᠢᠵᠢᠭᠤᠯᠵᠤ᠂ ᠬᠤᠰᠢᠭᠤᠨ ᠤ ᠬᠡᠪᠴᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠳᠡᠭᠡᠭᠰᠢᠯᠡᠯᠲᠡ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠤᠭᠰᠠᠨ ᠤ ᠦᠷ᠎ᠡ ᠪᠦᠲᠦᠮᠵᠢ ᠪᠣᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号