| 3 ᠰᠠᠷ᠎ᠠ ᠶᠢᠨ 31 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠠᠴᠠ ᠭᠤᠤᠯᠯᠠᠨ ᠡᠷᠭᠢᠯᠡᠵᠦ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠢᠶ᠎ᠠ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠭᠢᠯᠡᠭᠰᠡᠨ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠶᠤᠲᠠᠳ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠨᠠᠶᠢᠷ | ᠵᠢᠴᠢ ᠠᠵᠢᠯᠴᠢᠨ ᠤ ᠡᠪᠯᠡᠯ ᠤᠨ ᠡᠷᠡᠭᠦᠯᠵᠢᠯ ᠰᠤᠪᠢᠯᠠᠯᠲᠠ ᠶᠢᠨ ᠠᠵᠢᠯᠯᠠᠭ᠎ᠠ ᠶᠢᠨ ᠶᠠᠷᠢᠯᠴᠠᠬᠤ ᠬᠤᠷᠠᠯ | ᠬᠥᠬᠡᠬᠤᠲᠠ ᠳᠤ ᠠᠮᠵᠢᠯᠲᠠ ᠲᠠᠢ ᠶᠠᠪᠤᠭᠳᠠᠪᠠ᠃ ᠬᠢᠩᠭᠠᠨ ᠠᠶᠢᠮᠠᠭ ᠤᠨ ᠠᠵᠢᠯᠴᠢᠨ ᠤ ᠡᠪᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠢᠦᠶ ᠯᠢ ᠯᠢ᠂ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠳᠡᠳ᠋ ᠳᠠᠷᠤᠭ᠎ᠠ ᠶᠠᠩ | ᠤᠯᠠᠭᠠᠨ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ | ᠵᠡᠷᠭᠡ 19 ᠶᠡᠭᠡ ᠳᠡᠭᠡᠳᠦ ᠰᠤᠷᠭᠠᠭᠤᠯᠢ ᠶᠢᠨ ᠡᠪᠯᠡᠯ ᠤᠨ ᠬᠤᠷᠢᠶ᠎ᠠ ᠪᠠ ᠠᠵᠢᠯᠴᠢᠨ ᠤ ᠡᠪᠯᠡᠯ ᠤᠨ ᠬᠠᠮᠢᠶ᠎ᠠ ᠪᠥᠬᠦᠶ | ᠤᠳᠤᠷᠢᠳᠤᠯᠭ᠎ᠠ ᠵᠢᠴᠢ ᠠᠷᠠᠳ ᠤᠨ ᠡᠳᠦᠷ ᠤᠨ ᠰᠣᠨᠢᠨ᠂ ᠰᠢᠨᠬᠤᠸᠠ ᠬᠤᠷᠢᠶᠠᠨ ᠤ ᠥᠪᠥᠷ ᠮᠣᠩᠭᠤᠯ ᠳᠠᠬᠢ | ᠬᠤᠪᠢᠶᠠᠷᠢ ᠬᠤᠷᠢᠶ᠎ᠠ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ᠥᠪᠥᠷ ᠮᠣᠩᠭᠤᠯ ᠤᠨ | ᠥᠷᠲᠡᠭᠡ ᠶᠢᠨ ᠰᠤᠷᠪᠤᠯᠵᠢᠯᠠᠭᠴᠢ ᠵᠡᠷᠭᠡ 60 ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠠᠶ᠃ | ᠠᠵᠢᠯᠯᠠᠭ᠎ᠠ ᠨᠢ ︽ᠦᠵᠡᠰᠬᠦᠯᠡᠩᠲᠦ ᠰᠠᠶᠢᠬᠠᠨ ᠬᠢᠩᠭᠠᠨ ᠲᠠᠩᠰᠤᠭ ᠰᠠᠶᠢᠬᠠᠨ ᠡᠮᠦᠨᠡᠲᠦ ᠬᠤᠰᠢᠭᠤ︾᠂ ︽ | ᠤᠯᠠᠭᠠᠨᠮᠣᠳᠣ ᠶᠢᠨ ᠲᠠᠯ᠎ᠠ ᠨᠤᠲᠤᠭ ᠤᠨ ᠦᠵᠡᠮᠵᠢ ᠶᠢᠨ ᠣᠷᠣᠨ︾ ᠵᠡᠷᠭᠡ ᠤᠬᠠᠭᠤᠯᠭ᠎ᠠ ᠶᠢᠨ ᠹᠢᠯᠢᠮ ᠢᠶᠠᠷ | ᠬᠥᠰᠢᠭᠡ ᠪᠠᠨ ᠰᠡᠬᠦᠪᠡ᠃ ᠶᠠᠩ ᠤᠯᠠᠭᠠᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠯᠪᠡᠭ ᠪᠠᠶᠠᠯᠢᠭ | ᠣᠯᠠᠨ ᠶᠠᠩᠵᠤ ᠶᠢᠨ ᠪᠠᠶᠢᠭᠠᠯᠢ ᠶᠢᠨ ᠦᠵᠡᠮᠵᠢ ᠪᠠ ᠰᠣᠶᠣᠯ ᠤᠨ ᠠᠭᠤᠯᠬᠤᠨ ᠢ ᠨᠠᠷᠢᠨ ᠲᠠᠨᠢᠯᠴᠠᠭᠤᠯᠪᠠ᠂ ᠲᠡᠷᠡ᠂ | ᠲᠣᠰ ᠤᠳᠠᠭᠠᠨ ᠤ ᠠᠵᠢᠯᠯᠠᠭ᠎ᠠ ᠨᠢ ︽ᠤᠶᠤᠲᠠᠳ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠨᠠᠶᠢᠷ︾ ᠢᠶᠠᠷ | ᠠᠴᠢᠶᠠᠯᠠᠪᠤᠷᠢ ᠪᠣᠯᠭᠠᠵᠤ᠂ ᠲᠠᠯ᠎ᠠ ᠨᠤᠲᠤᠭ ᠤᠨ ᠠᠮᠢ ᠠᠬᠤᠶ ᠶᠢᠨ ᠵᠢᠭᠤᠯᠴᠢᠯᠠᠯ ᠪᠠ ᠡᠷᠡᠭᠦᠯᠵᠢᠯ ᠰᠤᠪᠢᠯᠠᠯᠲᠠ ᠶᠢᠨ | ᠠᠵᠤ ᠦᠢᠯᠡᠰ ᠤᠨ ᠠᠭᠤᠰᠤᠯᠴᠠᠯ ᠢ ᠳᠥᠯᠭᠢᠨ ᠠᠬᠢᠭᠤᠯᠬᠤ ᠶᠢᠨ ᠬᠠᠮᠲᠤ ᠮᠣᠩᠭᠤᠯ ᠦᠨᠳᠦᠰᠦᠲᠡᠨ ᠤ ᠤᠯᠠᠮᠵᠢᠯᠠᠯᠲᠤ | ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠤᠮᠠᠷᠠᠲᠤ ᠬᠢᠯᠢ ᠶᠢᠨ ᠰᠣᠶᠣᠯ ᠤᠨ ᠵᠢᠭᠤᠯᠴᠢᠯᠠᠯ ᠤᠨ ᠨᠠᠷᠠᠲᠤ ᠲᠡᠮᠳᠡᠭ ᠢ | ᠤᠯᠬᠤ ᠶᠢᠨ ᠲᠥᠯᠥᠭᠡ ᠶᠤᠮ ᠭᠡᠵᠡᠢ᠃ | ᠬᠤᠷᠠᠯ ᠳᠡᠭᠡᠷ᠎ᠡ᠂ ᠪᠠᠰᠠ ᠲᠠᠯ᠎ᠠ ᠨᠤᠲᠤᠭ ᠤᠨ ᠦᠵᠡᠮᠵᠢ᠂ ᠠᠷᠠᠳ ᠤᠨ ᠵᠠᠩ ᠦᠢᠯᠡ ᠶᠢᠨ ᠣᠶᠢᠯᠠᠭᠠᠯᠲᠠ᠂ | ᠰᠣᠶᠣᠯ ᠤᠨ ᠰᠤᠳᠤᠯᠭᠠᠨ ᠵᠡᠷᠭᠡ ᠣᠯᠠᠨ ᠲᠥᠷᠥᠯ ᠵᠦᠢᠯ ᠢ ᠬᠠᠮᠤᠷᠤᠭᠰᠠᠨ ᠰᠣᠳᠣᠨ ᠵᠢᠭᠤᠯᠴᠢᠯᠠᠯ ᠤᠨ ᠵᠠᠮ | ᠱᠤᠭᠤᠮ ᠢ ᠨᠡᠶᠢᠲᠡᠯᠡᠵᠦ᠂ ᠲᠡᠷᠡᠴᠢᠯᠡᠨ PPT ᠪᠣᠯᠤᠨ ᠸᠢᠳᠢᠣ᠋ ᠪᠠᠷ ᠳᠠᠮᠵᠢᠭᠤᠯᠤᠨ᠂ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠤᠨᠴᠠᠯᠢᠬᠳᠤ ᠡᠷᠡᠭᠦᠯᠵᠢᠯ ᠰᠤᠪᠢᠯᠠᠯᠲᠠ ᠶᠢᠨ ᠡᠬᠢ ᠪᠠᠶᠠᠯᠢᠭ ᠪᠣᠯᠤᠨ ᠤᠶᠤᠲᠠᠳ ᠤᠨ ᠲᠠᠯ᠎ᠠ | ᠨᠤᠲᠤᠭ ᠤᠨ ᠵᠢᠭᠤᠯᠴᠢᠯᠠᠯ ᠤᠨ ᠨᠠᠶᠢᠷ ᠤᠨ ᠤᠬᠠᠭᠤᠯᠭ᠎ᠠ ᠶᠢᠨ ᠹᠢᠯᠢᠮ ᠢ ᠣᠯᠠᠨ ᠳᠤ ᠳᠡᠯᠭᠡᠨ ᠦᠵᠡᠭᠦᠯᠵᠦ᠂ | ᠰᠤᠷᠤᠭᠴᠢ ᠪᠣᠯᠤᠨ ᠠᠵᠢᠯᠲᠠᠨ ᠠᠵᠢᠯᠴᠢᠨ ᠮᠣᠩᠭᠤᠯ ᠦᠨᠳᠦᠰᠦᠲᠡᠨ ᠤ ᠭᠡᠷ ᠪᠦᠯᠢ ᠶᠢ ᠤᠶᠢᠯᠠᠭᠠᠵᠤ᠂ | ᠤᠯᠠᠮᠵᠢᠯᠠᠯᠲᠤ ᠠᠮᠲᠠᠲᠤ ᠢᠳᠡᠭᠡᠨ ᠢ ᠠᠮᠲᠠᠯᠠᠵᠤ᠂ ᠮᠣᠩᠭᠤᠯ ᠦᠨᠳᠦᠰᠦᠲᠡᠨ ᠤ ᠵᠠᠩ ᠲᠠᠳᠬᠠᠯ ᠢ ᠰᠤᠷᠤᠯᠴᠠᠵᠤ᠂ | ᠮᠣᠷᠢ ᠤᠨᠤᠬᠤ᠂ ᠰᠤᠷ ᠬᠠᠷᠪᠤᠬᠤ ᠵᠡᠷᠭᠡ ᠤᠯᠠᠮᠵᠢᠯᠠᠯᠲᠤ ᠠᠵᠢᠯᠯᠠᠭ᠎ᠠ ᠳᠤ ᠣᠷᠣᠯᠴᠠᠵᠤ᠂ ᠤᠮᠠᠷᠠᠲᠤ ᠬᠢᠯᠢ ᠶᠢᠨ | ᠰᠣᠶᠣᠯ ᠢ ᠮᠡᠳᠡᠷᠡᠵᠦ᠂ ᠵᠤᠭᠠᠴᠠᠨ ᠨᠠᠭᠠᠳᠬᠤ ᠶᠢᠨ ᠵᠠᠪ ᠴᠢᠯᠥᠭᠡ ᠪᠠᠷ ᠢᠶᠠᠨ ᠭᠦᠢᠴᠡᠳ ᠠᠮᠠᠷᠠᠵᠤ ᠪᠣᠯᠤᠨ᠎ᠠ᠂ ᠠᠯᠢ | ᠣᠯᠠᠨ ᠵᠢᠭᠤᠯᠴᠢᠯᠠᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠡᠷᠡᠭᠦᠯᠵᠢᠯ ᠰᠤᠪᠢᠯᠠᠯᠳᠠ ᠶᠢᠨ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠪᠠ ᠦᠢᠯᠡᠴᠢᠯᠡᠭᠡᠨ ᠤ ᠪᠠᠲᠤᠯᠠᠭ᠎ᠠ ᠨᠢ ᠨᠠᠩ ᠴᠤ ᠵᠢᠭᠤᠯᠴᠢᠯᠠᠭᠴᠢᠳ ᠲᠤ ᠲᠠᠯ᠎ᠠ | ᠨᠤᠲᠤᠭ ᠤᠨ ᠠᠶᠠᠯᠠᠯ ᠤᠨ ᠷᠢᠳᠢ ᠰᠢᠳᠢ ᠶᠢ ᠭᠠᠶᠢᠬᠠᠭᠤᠯᠬᠤ ᠪᠤᠯᠤᠨ᠎ᠠ᠃ | ︽ᠡᠪᠦᠯ ᠤᠨ ᠠᠮᠠᠷᠠᠯᠲᠠ ᠳᠤ ᠪᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠤᠴᠢᠵᠤ | ᠥᠩᠭᠡᠷᠡᠵᠡᠢ᠂ ᠲᠡᠨᠳᠡᠬᠢ ᠠᠭᠤᠷ ᠠᠮᠢᠰᠬᠤᠯ ᠣᠨᠴᠠᠭᠠᠢ ᠰᠢᠨ᠎ᠡ ᠰᠣᠷᠭᠤᠭ᠂ ᠦᠵᠡᠮᠵᠢ ᠪᠠᠶᠢᠳᠠᠯ ᠣᠨᠴᠠᠭᠠᠢ | ᠲᠠᠭᠠᠯᠠᠮᠵᠢᠲᠠᠢ ᠪᠠᠷ ᠪᠠᠷᠠᠬᠤ ᠦᠭᠡᠢ᠂ ᠦᠢᠯᠡᠴᠢᠯᠡᠭᠡ ᠨᠢ ᠴᠦ ᠮᠠᠰᠢ ᠪᠦᠷᠢᠨ ᠭᠦᠢᠴᠡᠳ ᠪᠠᠶᠢᠵᠤ᠂ ᠰᠡᠳᠭᠢᠯ ᠤᠨ | ᠳᠠᠷᠤᠭᠠᠰᠤ ᠮᠠᠰᠢ ᠬᠥᠩᠭᠡᠷᠡᠵᠡᠢ᠂ ᠪᠢ ᠪᠠᠰᠠ ᠡᠶᠢᠮᠦ ᠰᠠᠶᠢᠬᠠᠨ ᠭᠠᠵᠠᠷ ᠢ ᠨᠡᠩ ᠤᠯᠠᠨ ᠬᠥᠮᠦᠨ ᠳᠤ ᠮᠡᠳᠡᠭᠦᠯᠵᠦ | ᠣᠶᠢᠯᠠᠭᠠᠭᠤᠯᠬᠤ ᠶᠢ ᠬᠦᠰᠡᠵᠦ ᠪᠠᠶᠢᠨ᠎ᠠ︾ ᠭᠡᠵᠦ ᠵᠢᠭᠤᠯᠴᠢᠯᠠᠭᠴᠢ ᠵᠠᠩ ᠵᠢᠩ ᠶᠤᠸᠠᠢ ᠬᠡᠯᠡᠪᠡ᠃ | ᠰᠣᠯᠢᠯᠴᠠᠭᠠᠨ ᠳᠤ᠂ ᠲᠠᠯ᠎ᠠ ᠨᠤᠲᠤᠭ ᠤᠨ ᠵᠢᠭᠤᠯᠴᠢᠯᠠᠯ ᠤᠨ ᠥᠩᠭᠡᠷᠡᠯᠲᠡ ᠲᠠᠢ ᠤᠶᠤᠲᠠᠳ ᠪᠣᠯᠤᠨ ᠡᠷᠡᠭᠦᠯᠵᠢᠯ | ᠰᠤᠪᠢᠯᠠᠯᠳᠠ ᠶᠢᠨ ᠵᠢᠭᠤᠯᠴᠢᠯᠠᠭᠴᠢ ᠰᠣᠨᠢᠷᠬᠠᠯᠲᠠᠶ ᠶᠠᠪᠤᠳᠠᠯ ᠪᠣᠯᠤᠨ ᠪᠣᠳᠠᠲᠤ ᠬᠡᠷᠡᠭᠯᠡᠭᠡᠨ ᠤ ᠠᠷᠭ᠎ᠠ ᠪᠣᠳᠣᠯᠭ᠎ᠠ ᠪᠠᠨ | ᠣᠯᠠᠨ ᠳᠤ ᠬᠤᠪᠢᠶᠠᠯᠴᠠᠵᠤ᠂ ᠲᠤᠬᠠᠶ ᠶᠢᠨ ᠲᠠᠯᠠᠪᠤᠷ ᠤᠨ ᠬᠦᠮᠦᠰ ᠤᠨ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠵᠢᠭᠤᠯᠴᠢᠯᠠᠯ ᠤᠨ ᠡᠷᠡᠭᠦᠯᠵᠢᠯ ᠰᠤᠪᠢᠯᠠᠯᠲᠠ ᠶᠢᠨ ᠲᠤᠬᠠᠶ ᠤᠷᠮ᠎ᠠ ᠪᠠᠬ᠎ᠠ ᠶᠢ ᠬᠥᠭᠵᠢᠭᠡᠵᠡᠶ᠃ | ᠳᠠᠷᠠᠭ᠎ᠠ ᠳᠤᠨᠢ᠂ ᠡᠯ᠎ᠡ ᠶᠡᠭᠡ ᠳᠡᠭᠡᠳᠦ ᠰᠤᠷᠭᠠᠭᠤᠯᠢ ᠶᠢᠨ ᠡᠪᠯᠡᠯ ᠤᠨ ᠬᠤᠷᠢᠶ᠎ᠠ ᠶᠢᠨ ᠱᠦᠵᠢ᠂ ᠠᠵᠢᠯᠴᠢᠨ ᠤ | ᠡᠪᠯᠡᠯ ᠤᠨ ᠲᠡᠷᠢᠭᠦᠯᠡᠭᠴᠢ ᠪᠠᠰᠠ ᠤᠶᠤᠲᠠᠳ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠨᠠᠶᠢᠷ ᠪᠣᠯᠤᠨ ᠡᠷᠡᠭᠦᠯᠵᠢᠯ | ᠰᠤᠪᠢᠯᠠᠯᠳᠠ ᠶᠢᠨ ᠠᠵᠢᠯᠯᠠᠭ᠎ᠠ ᠶᠢᠨ ᠲᠤᠬᠠᠢ ᠱᠠᠭᠠᠷᠳᠠᠯᠭ᠎ᠠ ᠪᠠ ᠰᠠᠨᠠᠭᠤᠯᠭ᠎ᠠ ᠳᠤᠷᠠᠳᠴᠤ᠂ ᠲᠤᠬᠠᠢ ᠶᠢᠨ ᠲᠠᠯᠠᠪᠠᠢ ᠳᠤ | ᠬᠦᠷ ᠬᠥᠭᠵᠢᠶᠡᠨ ᠲᠠᠢ ᠰᠠᠨᠠᠯ ᠢᠶᠠᠨ ᠰᠣᠯᠢᠯᠴᠠᠵᠠᠢ᠃ | ᠶᠠᠩ ᠤᠯᠠᠭᠠᠨ᠄ ︽ᠲᠤᠰ ᠤᠳᠠᠭ᠎ᠠ ᠶᠢᠨ ᠲᠠᠨᠢᠯᠴᠠᠭᠤᠯᠭ᠎ᠠ ᠶᠢᠨ ᠬᠤᠷᠠᠯ ᠪᠣᠯ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠲᠥᠪᠯᠡᠷᠡᠩᠭᠦᠢ ᠦᠵᠡᠭᠦᠯᠭᠡ ᠪᠣᠯᠤᠨ᠎ᠠ᠃ | ᠪᠢᠳᠡ ᠤᠮᠠᠷᠠᠲᠤ ᠬᠢᠯᠢ ᠶᠢᠨ ᠭᠦᠨ ᠵᠤᠵᠠᠭᠠᠨ ᠰᠣᠶᠣᠯ ᠤᠨ ᠠᠭᠤᠯᠬᠤᠨ ᠪᠠ ᠲᠠᠯ᠎ᠠ ᠨᠤᠲᠤᠭ ᠤᠨ ᠵᠢᠭᠤᠯᠴᠢᠯᠠᠯ ᠤᠨ | ᠡᠯᠪᠡᠭ ᠪᠠᠶᠠᠯᠢᠭ ᠥᠩᠭᠡ ᠦᠵᠡᠮᠵᠢ ᠳᠤ ᠲᠦᠰᠢᠭᠯᠡᠨ᠂ ᠤᠶᠤᠲᠠᠳ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠨᠠᠶᠢᠷ | ᠂ ᠡᠷᠡᠭᠦᠯᠵᠢᠯ ᠰᠤᠪᠢᠯᠠᠯᠲᠠ ᠵᠡᠷᠭᠡ ᠤᠨᠴᠠᠯᠢᠬᠳᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ ᠨᠠᠩ | ᠣᠯᠠᠨ ᠪᠠᠭᠰᠢ ᠰᠤᠷᠤᠭᠴᠢᠳ ᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠲᠡᠳᠡᠨ ᠠᠪᠴᠢᠷᠠᠵᠤ᠂ | ᠪᠥᠬᠦ ᠤᠯᠤᠰ ᠤᠨ ᠡᠯ᠎ᠡ ᠭᠠᠵᠠᠷ ᠤᠨ ᠪᠠᠭᠰᠢ ᠰᠤᠷᠤᠭᠴᠢᠳ ᠤᠨ ᠰᠣᠯᠢᠯᠴᠠᠭ᠎ᠠ᠂ ᠶᠠᠪᠤᠯᠴᠠᠭ᠎ᠠ᠂ ᠠᠭᠤᠰᠤᠯᠴᠠᠯ ᠢ | ᠤᠯᠠᠮ ᠨᠢᠭᠡ ᠠᠯᠬᠤᠮ ᠠᠬᠢᠭᠤᠯᠵᠤ᠂ ᠨᠠᠩ ᠣᠯᠠᠨ ᠬᠥᠮᠦᠰ ᠲᠤ ᠲᠩᠷᠢ ᠨᠢ ᠴᠡᠯᠮᠡᠭ ᠭᠠᠵᠠᠷ ᠨᠢ ᠨᠣᠭᠤᠭᠠᠨ᠂ | ᠤᠰᠤ ᠨᠢ ᠲᠤᠩᠭᠠᠯᠠᠭ ᠬᠥᠮᠦᠨ ᠨᠢ ᠴᠠᠶᠢᠯᠭᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢ | ᠣᠶᠢᠯᠠᠭᠠᠭᠤᠯᠤᠨ᠎ᠠ︾ ᠭᠡᠵᠡᠶ᠃ | |