ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠡᠢ
ᠨᠡᠶᠢᠲᠡᠯᠡᠭᠰᠡᠨ ᠴᠠᠭ᠄
2025/4/2
    3 ᠰᠠᠷ᠎ᠠ ᠶᠢᠨ 30 ᠤ ᠡᠳᠦᠷ ᠠᠴᠠ 4 ᠰᠠᠷ᠎ᠠ ᠶᠢᠨ 1 ᠤ ᠡᠳᠦᠷ ᠪᠤᠯᠳᠠᠯ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠬᠤᠰᠢᠭᠤᠨ ᠤ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠤᠷᠢᠳᠠᠪᠠᠷ ᠰᠤᠷᠤᠯᠴᠠᠵᠤ ᠤᠷᠢᠳᠠᠪᠠᠷ ᠬᠡᠷᠡᠭᠵᠢᠭᠦᠯᠬᠦ ᠪᠠᠷ ᠪᠥᠬᠦ ᠬᠤᠰᠢᠭᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠳ ᠤᠨ ᠰᠤᠷᠤᠯᠴᠠᠯᠭ᠎ᠠ ᠬᠥᠮᠦᠵᠢᠯ ᠢ ᠡᠮᠬᠢ ᠵᠢᠷᠤᠮ ᠲᠠᠢ ᠪᠦᠲᠦᠮᠵᠢᠲᠡᠶ ᠥᠷᠨᠢᠭᠦᠯᠬᠦ ᠶᠢ ᠵᠢᠱᠢᠶ᠎ᠡ ᠦᠵᠡᠭᠦᠯᠦᠨ ᠳᠠᠶᠢᠴᠢᠯᠠᠨ᠎ᠠ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠪᠠ ᠬᠤᠰᠢᠭᠤᠨ ᠤ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ  ᠳᠠᠷᠤᠭ᠎ᠠ ᠠᠵᠢᠯᠯᠠᠭ᠎ᠠ ᠳᠤ ᠣᠷᠣᠯᠴᠠᠵᠠᠶ᠃    ᠨᠣᠮ ᠤᠩᠰᠢᠬᠤ ᠠᠩᠭᠢ ᠨᠢ ᠳᠠᠭᠠᠭᠤᠯᠤᠨ ᠤᠩᠰᠢᠬᠤ ᠳᠠᠭᠠᠭᠤᠯᠤᠨ ᠰᠤᠷᠤᠯᠴᠠᠬᠤ᠂ ᠲᠥᠪᠯᠡᠷᠡᠭᠦᠯᠦᠨ ᠰᠤᠷᠤᠯᠴᠠᠬᠤ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠬᠦ ᠵᠡᠷᠭᠡ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠪᠠ᠃ ᠬᠤᠰᠢᠭᠤᠨ ᠲᠠᠰ ᠤᠨ ᠨᠠᠮ ᠤᠨ ᠭᠡᠰᠢᠭᠦᠨ ᠤᠳᠤᠷᠢᠳᠬᠤ ᠺᠠᠳ᠋ᠷ ᠵᠢᠭᠠᠨ ᠲᠣᠭᠲᠠᠭᠠᠭᠰᠠᠨ ᠨᠣᠮ ᠤᠨ ᠭᠠᠷᠴᠠᠭ ᠪᠠ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠶ ᠰᠤᠳᠤᠯᠤᠨ ᠤᠩᠰᠢᠵᠤ᠂ ᠨᠢᠭᠡ ᠤᠳᠠᠭᠠᠨ ᠤ ᠭᠦᠨ ᠭᠦᠨᠵᠡᠭᠡᠶ ᠰᠠᠬᠢᠯᠭ᠎ᠠ ᠪᠠᠲᠤ ᠶᠢᠨ ᠬᠥᠮᠦᠵᠢᠯ ᠪᠠ ᠲᠥᠪ ᠴᠢᠩᠭ᠎ᠠ ᠨᠠᠮᠴᠢ ᠴᠢᠨᠠᠷ ᠤᠨ ᠳᠠᠪᠲᠠᠯᠲᠠ ᠶᠢ ᠬᠦᠯᠢᠶᠡᠪᠡ᠃    ᠰᠦᠨ ᠱᠤ᠋ ᠲᠤᠤ᠂ ᠪᠦᠬᠦ ᠨᠠᠮ ᠤᠨ ᠬᠡᠪᠴᠢᠶᠡᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠲᠠᠬᠢᠨ ᠲᠠᠶᠢᠴᠢᠯᠠᠯᠳᠠ ᠲᠠᠬᠢᠨ ᠪᠠᠶᠢᠷᠢᠯᠠᠭᠤᠯᠤᠯᠲᠠ ᠬᠢᠵᠦ᠂ ︽ᠳᠠᠭᠠᠷᠢᠯᠲᠠ ᠶᠢᠨ ᠪᠦᠷᠢᠶ᠎ᠡ ᠶᠢ ᠡᠭᠦᠷᠢᠳᠡ ᠲᠤᠤᠭᠠᠷᠭᠠᠬᠤ︾ ᠤᠯᠤᠰ ᠲᠦᠷᠦ ᠶᠢᠨ ᠰᠡᠷᠭᠡᠭ ᠴᠢᠨᠠᠷ ᠢ ᠭᠦᠢᠴᠡᠳ ᠢᠯᠡᠷᠡᠭᠦᠯᠵᠡᠢ᠃ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠴᠠᠭ ᠦᠶ᠎ᠡ ᠶᠢᠨ ᠠᠭᠤᠯᠤᠭᠳᠠᠬᠤᠨ ᠢ ᠭᠦᠨᠵᠡᠭᠡᠶ ᠡᠵᠡᠮᠰᠢᠨ᠂ ᠰᠤᠷᠲᠠᠯ ᠤᠨ ᠠᠰᠠᠭᠤᠳᠠᠯ ᠤᠨ ᠮᠥᠨ ᠴᠢᠨᠠᠷ ᠪᠣᠯ ᠤᠯᠤᠰ ᠲᠥᠷᠥ ᠶᠢᠨ ᠠᠰᠠᠭᠤᠳᠠᠯ ᠮᠥᠨ ᠭᠡᠳᠡᠭ ᠢ ᠭᠦᠨᠵᠡᠭᠡᠶ ᠲᠠᠨᠢᠵᠤ᠂ ᠡᠷᠬᠡᠪᠰᠢ ᠤᠯᠤᠰ ᠲᠥᠷᠥ ᠶᠢᠨ ᠳᠡᠭᠡᠳᠦ ᠬᠡᠮᠵᠢᠶᠡᠨ ᠠᠴᠠ ᠣᠨᠣᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ᠂ ᠰᠤᠷᠤᠯᠴᠠᠯᠭ᠎ᠠ ᠬᠥᠮᠦᠵᠢᠯ ᠢ ᠨᠠᠮᠴᠢ ᠴᠢᠨᠠᠷ ᠤᠨ ᠪᠣᠯᠪᠠᠰᠤᠷᠠᠯ ᠢᠶᠠᠨ ᠳᠠᠪᠲᠠᠨ ᠪᠣᠯᠪᠠᠰᠤᠷᠠᠭᠤᠯᠬᠤ ᠴᠢᠬᠤᠯᠠ ᠠᠵᠠ ᠲᠣᠬᠢᠶᠠᠯ ᠪᠣᠯᠭᠠᠨ᠂ ᠦᠨᠡᠨ ᠬᠦ ᠰᠢᠯᠢᠳᠡᠭ ᠰᠤᠷᠲᠠᠯ ᠢᠶᠠᠷ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠬᠦᠯᠬᠦ ᠬᠡᠷᠡᠭᠲᠡᠶ᠃ ᠪᠦᠬᠦ ᠬᠤᠰᠢᠭᠤ ᠪᠠᠷ ᠢᠶᠠᠨ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭᠠᠨ ᠤ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠶ ᠣᠶᠢᠯᠠᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ︽ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ︾ ᠲᠣᠭᠲᠠᠴᠠ ᠶᠢ ᠪᠠᠶᠢᠭᠤᠯᠵᠤ᠂ ᠭᠦᠨᠵᠡᠭᠡᠢ ᠰᠤᠷᠤᠯᠴᠠᠨ ᠨᠠᠷᠢᠨ ᠤᠬᠠᠪᠤᠷᠢᠯᠠᠨ ᠦᠨᠳᠦᠰᠦ ᠰᠠᠭᠤᠷᠢ ᠶᠢ ᠪᠠᠬᠢᠵᠢᠭᠦᠯᠵᠦ᠂ ᠬᠢᠲᠤᠭᠠᠨ ᠤ ᠢᠷ ᠢ ᠳᠣᠲᠣᠭᠰᠢ ᠪᠠᠨ ᠬᠠᠨᠳᠤᠭᠤᠯᠤᠨ ᠪᠠᠶᠢᠴᠠᠭᠠᠬᠤ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠶᠢ ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠪᠣᠯᠭᠠᠬᠤ ᠳᠦᠷᠢᠮ ᠤᠨ ᠲᠣᠭᠲᠠᠴᠠ ᠶᠢ ᠴᠢᠨᠠᠭᠰᠢᠳᠠ ᠪᠦᠷᠢᠨᠰᠢᠬᠦᠯᠵᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠢ ᠵᠣᠷᠢᠭ ᠰᠠᠨᠠᠭ᠎ᠠ ᠪᠠᠷ ᠬᠡᠪ ᠵᠠᠩᠰᠢᠯ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠦᠨ ᠱᠤ᠋ ᠲᠤᠤ᠂ ᠪᠥᠬᠦ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠣᠯᠠᠨ ᠲᠦᠮᠡᠨᠴᠢ ᠱᠤᠭᠤᠮ ᠢ ᠭᠦᠨᠵᠡᠭᠡᠶ ᠦᠢᠯᠡᠳᠦᠯᠭᠡᠵᠢᠭᠦᠯᠵᠦ᠂ ︽ᠠᠷᠠᠳ ᠤᠨ ᠰᠠᠨᠠᠭᠠᠨ ᠤ ᠰᠢᠭᠤᠳ ᠨᠡᠪᠲᠡᠷᠡᠬᠦ ᠲᠡᠷᠭᠡ︾ ᠶᠢ ᠪᠠᠶᠢᠭᠤᠯᠤᠨ᠂ ︽ᠬᠢᠨᠠᠯᠲᠠ ᠲᠠᠯᠪᠢᠬᠤ ᠬᠠᠮᠲᠤ ᠶᠢᠨ ᠴᠣᠭᠴᠠ︾ ᠶᠢ ᠪᠠᠶᠢᠭᠤᠯᠵᠤ᠂ ︽ᠦᠢᠯᠡᠴᠢᠯᠡᠬᠡᠨ ᠤ ᠰᠢᠨ᠎ᠡ ᠨᠠᠷᠠᠲᠤ ᠲᠡᠮᠳᠡᠭ︾ ᠢ ᠪᠣᠶ ᠪᠣᠯᠭᠠᠵᠤ᠂ ᠣᠯᠠᠨ ᠲᠦᠮᠡᠨ ᠤ ᠪᠤᠳᠤᠵᠤ ᠬᠦᠰᠡᠵᠦ ᠪᠠᠶᠢᠭ᠎ᠠ ᠵᠦᠢᠯ ᠢ ᠰᠤᠷᠤᠯᠴᠠᠯᠭ᠎ᠠ ᠬᠥᠮᠦᠵᠢᠯ ᠤᠨ ᠬᠦᠴᠦᠯᠡᠬᠦ ᠴᠡᠭ ᠪᠠ ᠠᠵᠢᠯᠯᠠᠭ᠎ᠠ ᠶᠢᠨ ᠵᠦᠭᠯᠡᠭᠦᠷ ᠪᠣᠯᠭᠠᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠰᠤᠷᠤᠯᠴᠠᠯᠭ᠎ᠠ ᠬᠥᠮᠦᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ︽ᠨᠢᠭᠡ ᠭᠤᠣᠯ ᠰᠢᠵᠢᠮ︾ ᠢ ᠲᠤᠭᠤᠰᠢᠯᠠᠭᠤᠯᠬᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠵᠡᠷᠭᠡ ᠭᠤᠣᠯ ᠠᠵᠢᠯ ᠲᠠᠢ ᠨᠢᠭᠲᠠ ᠤᠶᠠᠯᠳᠤᠭᠤᠯᠵᠤ ᠂ ︽ᠬᠤᠶᠠᠷ ᠢ ᠰᠠᠭᠠᠲᠠᠭᠠᠬᠤ ᠦᠭᠡᠢ᠂ ᠬᠤᠶᠠᠷ ᠢ ᠠᠬᠢᠭᠤᠯᠬᠤ︾ ᠶᠢ ᠪᠡᠶᠡᠯᠡᠭᠦᠯᠬᠦ ᠬᠡᠷᠡᠭᠲᠡᠢ᠃ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠪᠣᠯᠤᠨ ᠬᠤᠰᠢᠭᠤᠨ ᠤ ᠲᠠᠰ ᠤᠨ ᠤᠳᠤᠷᠢᠳᠬᠤ ᠺᠠᠳ᠋ᠷ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ᠂ ᠲᠦᠷᠦᠭᠦᠯᠡᠨ ᠰᠤᠷᠤᠯᠴᠠᠵᠤ᠂ ᠲᠦᠷᠦᠭᠦᠯᠡᠨ ᠪᠠᠶᠢᠴᠠᠭᠠᠵᠤ᠂ ᠲᠦᠷᠦᠭᠦᠯᠡᠨ ᠥᠭᠡᠷᠡᠴᠢᠯᠡᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠶᠢᠨ ᠰᠤᠷᠤᠯᠴᠠᠯᠭ᠎ᠠ ᠬᠥᠮᠦᠵᠢᠯ ᠢ ᠴᠢᠩᠭ᠎ᠠ ᠠᠳᠬᠤᠵᠤ᠂ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠲᠤ ᠰᠠᠶᠢᠲᠤᠷ ᠵᠢᠱᠢᠶ᠎ᠡ ᠦᠵᠡᠭᠦᠯᠵᠦ᠂ ᠥᠯᠢᠭᠡᠷ ᠳᠠᠭᠤᠷᠢᠶᠠᠯ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号