| | ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠶᠠᠪᠤᠳᠠᠯ ᠨᠢ ᠠᠵᠤ ᠠᠬᠤᠶᠢᠯᠠᠯ ᠤᠳ ᠤᠨ | ᠲᠤᠰ ᠪᠡᠶ᠎ᠡ ᠶᠢᠨ ᠬᠢᠨᠢ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠂ ᠠᠵᠤ ᠠᠬᠤᠶᠢᠯᠠᠯ ᠯᠤᠭ᠎ᠠ ᠬᠤᠯᠪᠣᠭᠳᠠᠭᠰᠠᠨ | ᠰᠦᠢᠳᠬᠡᠯ ᠬᠤᠷᠢᠶᠠᠬᠤ ᠠᠵᠢᠯ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠣᠯ ᠠᠵᠤ ᠠᠬᠤᠶᠢᠯᠠᠯ ᠤᠨ | ᠡᠵᠡᠩᠨᠡᠯᠲᠡ ᠶᠢᠨ ᠥᠪᠡᠷ ᠤᠨ ᠦᠷᠳᠡᠭ ᠢ ᠨᠢ ᠪᠠᠭᠤᠷᠠᠭᠤᠯᠬᠤ ᠪᠠ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ︽ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠠᠵᠢᠯ ᠤᠨ ᠣᠷᠳᠣ ᠬᠤᠭᠤᠴᠠᠭᠠᠨ ᠤ | ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠵᠢᠯᠤᠭᠤᠳᠬᠤ ᠰᠠᠨᠠᠯ︾ | ᠢ ᠳᠠᠷᠤᠮᠠᠯᠯᠠᠨ ᠶᠠᠪᠤᠭᠤᠯᠪᠠ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ 3 ᠳ᠋ᠤᠭᠠᠷ ᠰᠠᠷ᠎ᠠ ᠶᠢᠨ | 31 ᠤ ᠡᠳᠦᠷ ᠤᠨ ᠦᠳᠡ ᠶᠢᠨ ᠬᠤᠶᠢᠨ᠎ᠠ ᠲᠤᠰᠬᠠᠢ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠶᠠᠮᠤᠨ᠂ ᠡᠳ᠋ ᠤᠨ ᠵᠠᠰᠠᠭ ᠤᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠵᠡᠷᠭᠡ | ᠳᠥᠷᠪᠡᠨ ᠰᠠᠯᠠᠭ᠎ᠠ ᠮᠥᠴᠢᠷ ᠠᠴᠠ ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠠᠵᠢᠯ ᠤᠨ ᠣᠷᠳᠣ | ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠤᠯᠪᠣᠭᠳᠠᠯ | ᠪᠦᠬᠦᠢ ᠪᠠᠶᠢᠳᠠᠯ ᠢ ᠲᠠᠨᠢᠯᠴᠠᠭᠤᠯᠤᠭᠰᠠᠨ ᠪᠠᠶᠢᠨ᠎ᠠ᠂ ᠬᠠᠮᠲᠤ ᠪᠠᠷ ᠣᠶᠢᠯᠠᠭᠠᠵᠠᠭᠠᠶ᠎ᠠ︕ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ | ︽ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠠᠵᠢᠯ ᠤᠨ ᠣᠷᠳᠣ ᠬᠤᠭᠤᠴᠠᠭᠠᠨ ᠤ | ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠵᠢᠯᠤᠭᠤᠳᠬᠤ ᠰᠠᠨᠠᠯ︾ | ᠳᠤ ᠲᠤᠯᠤᠭᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠪᠠ | ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠭᠠᠷᠴᠠᠭ ᠤᠨ ᠲᠣᠳᠣᠷᠬᠠᠢ ᠬᠠᠭᠤᠳᠠᠰᠤ ᠶᠢᠨ | ᠳᠦᠷᠢᠮ ᠢ ᠲᠡᠭᠦᠯᠳᠡᠷᠵᠢᠭᠦᠯᠪᠡ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠄ | ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠠᠰᠠᠭᠤᠳᠠᠯ ᠣᠷᠣᠰᠢᠵᠤ ᠪᠠᠶᠢᠬᠤ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠢᠯᠠᠷᠡᠭᠦᠯᠪᠡᠯ ᠬᠦᠴᠦᠨ ᠦᠭᠡᠢ ᠪᠣᠯᠭᠠᠪᠠᠰᠤ ᠵᠣᠬᠢᠬᠤ ᠰᠦᠢᠳᠬᠡᠯ ᠬᠤᠷᠢᠶᠠᠬᠤ ᠲᠥᠷᠥᠯ ᠵᠦᠢᠯ ᠢ ᠨᠢ | ᠡᠷᠡᠰ ᠰᠢᠭᠤᠷᠬᠠᠢ ᠪᠠᠷ ᠬᠦᠴᠦᠨ ᠦᠭᠡᠢ ᠪᠣᠯᠭᠠᠵᠤ᠂ ᠰᠦᠢᠳᠬᠡᠯ ᠬᠤᠷᠢᠶᠠᠬᠤ ᠭᠠᠷᠴᠠᠭ ᠤᠨ ᠲᠣᠳᠣᠷᠬᠠᠢ ᠬᠠᠭᠤᠳᠠᠰᠤᠨ ᠳᠤ | ᠣᠷᠣᠭᠤᠯᠪᠠᠰᠤ ᠵᠣᠬᠢᠬᠤ ᠶᠢ ᠨᠢ ᠴᠠᠭ ᠲᠤᠬᠠᠢ ᠳᠤ ᠨᠢ ᠣᠷᠣᠭᠤᠯᠬᠤ ᠬᠡᠷᠡᠭᠲᠡᠢ᠃ | ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠲᠥᠷᠥᠯ ᠵᠦᠢᠯ ᠢ ᠲᠣᠭᠲᠠᠭᠠᠯ ᠠᠴᠠ | ᠵᠥᠷᠢᠴᠡᠨ ᠰᠢᠨ᠎ᠡ ᠪᠠᠷ ᠭᠠᠷᠭᠠᠬᠤ ᠶᠢ ᠴᠢᠩᠭ᠎ᠠ ᠬᠤᠷᠢᠭᠯᠠᠵᠤ᠂ ᠡᠭᠦᠰᠦᠮᠡᠯ ᠴᠢᠨᠠᠷᠲᠠᠢ ᠵᠠᠭᠤᠴᠢ ᠦᠢᠯᠡᠴᠢᠯᠡᠭᠡᠨ ᠤ ᠰᠦᠢᠳᠬᠡᠯ | ᠬᠤᠷᠢᠶᠠᠬᠤ᠂ ᠡᠯᠧᠺᠲᠷᠣᠨ ᠵᠠᠰᠠᠭ ᠤᠨ ᠶᠠᠪᠤᠳᠠᠯ ᠤᠨ ᠲᠠᠪᠴᠠᠩ ᠤᠨ ᠰᠦᠢᠳᠬᠡᠯ ᠬᠤᠷᠢᠶᠠᠬᠤ ᠵᠡᠷᠭᠡ ᠠᠰᠠᠭᠤᠳᠠᠯ ᠭᠠᠷᠬᠤ ᠶᠢ | ᠴᠢᠩᠭ᠎ᠠ ᠰᠡᠷᠭᠡᠶᠢᠯᠡᠨ᠎ᠡ | ᠥᠨᠥ ᠵᠢᠯ᠂ ᠰᠦᠢᠳᠬᠡᠯ ᠬᠤᠷᠢᠶᠠᠬᠤ ᠲᠥᠷᠥᠯ ᠵᠦᠢᠯ ᠢ ᠥᠪᠡᠷᠰᠡᠳ ᠢᠶᠠᠨ ᠳᠣᠭᠲᠠᠭᠠᠬᠤ᠂ ᠪᠠᠷᠢᠮᠵᠢᠶ᠎ᠠ ᠠᠴᠠ | ᠬᠡᠲᠦᠷᠡᠭᠦᠯᠦᠨ ᠰᠦᠢᠳᠬᠡᠯ ᠬᠤᠷᠢᠶᠠᠬᠤ᠂ ᠪᠤᠰᠤᠳ ᠢᠶᠠᠷ ᠲᠤᠰᠢᠶᠠᠯᠭᠠᠬᠤ ᠰᠦᠢᠳᠬᠡᠯ ᠵᠡᠷᠭᠡ ᠠᠰᠠᠭᠤᠳᠠᠯ ᠢ | ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠨ᠎ᠡ | ᠡᠳ᠋ ᠤᠨ ᠵᠠᠰᠠᠭ ᠤᠨ ᠶᠠᠮᠤᠨ᠄ | 2013 ᠣᠨ ᠠᠴᠠ ᠨᠠᠭᠠᠰᠢ᠂ ᠲᠥᠪ ᠤᠨ ᠳᠣᠭᠲᠠᠭᠠᠭᠰᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ | ᠬᠤᠷᠢᠶᠠᠵᠤ ᠪᠠᠶᠢᠭᠰᠠᠨ 185 ᠵᠦᠢᠯ ᠤᠨ ᠰᠦᠢᠳᠬᠡᠯ ᠢ ᠴᠥᠬᠡᠳᠬᠡᠭᠡᠳ 50 ᠵᠦᠢᠯ ᠪᠣᠯᠭᠠᠨ ᠬᠠᠰᠤᠵᠤ᠂ 73% ᠪᠠᠷ | ᠪᠠᠭᠠᠰᠬᠠᠪᠠ | ᠫᠣᠷᠲ᠋ᠠᠯ ᠰᠦᠯᠵᠢᠶ᠎ᠡ ᠳᠤ ᠨᠡᠶᠢᠲᠡᠯᠡᠭᠰᠡᠨ ᠢᠶᠠᠷ ᠪᠣᠯ ᠪᠦᠬᠦ ᠤᠯᠤᠰ ᠤᠨ ᠵᠠᠰᠠᠭ ᠤᠨ ᠣᠷᠳᠣᠨ ᠤ ᠴᠢᠨᠠᠷᠲᠠᠢ ᠰᠠᠭᠤᠷᠢ | ᠮᠥᠩᠭᠦ ᠪᠠ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠭᠠᠷᠴᠠᠭ ᠤᠨ ᠲᠣᠳᠣᠷᠬᠠᠢ | ᠬᠠᠭᠤᠳᠠᠰᠤ ᠶᠢ ᠨᠢᠭᠡᠳᠬᠡᠯ ᠰᠦᠯᠵᠢᠶ᠎ᠡ ᠪᠠᠷ ᠨᠡᠶᠢᠲᠡᠯᠡᠨ᠎ᠡ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ᠄ | ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠪᠠᠲᠤᠯᠠᠬᠤ ᠮᠥᠩᠭᠦ ᠶᠢᠨ ᠭᠠᠷᠴᠠᠭ ᠤᠨ ᠲᠣᠳᠣᠷᠬᠠᠢ ᠬᠠᠭᠤᠳᠠᠰᠤ ᠶᠢᠨ | ᠠᠭᠤᠯᠭ᠎ᠠ ᠶᠢ ᠬᠥᠳᠡᠯᠦᠩᠭᠦᠢ ᠪᠠᠷ ᠲᠣᠬᠢᠷᠠᠭᠤᠯᠵᠤ᠂ ᠪᠡᠯᠡᠨ ᠵᠣᠭᠤᠰ ᠢᠶᠠᠷ ᠪᠠᠲᠤᠯᠠᠬᠤ ᠶᠢ ᠪᠠᠲᠤᠯᠠᠭ᠎ᠠ ᠶᠢᠨ ᠪᠢᠴᠢᠭ ︵ | ᠳᠠᠭᠠᠳᠬᠠᠯ︶ ᠢᠶᠠᠷ ᠣᠷᠣᠯᠠᠭᠤᠯᠬᠤ ᠬᠡᠪᠴᠢᠶ᠎ᠡ ᠪᠠᠨ ᠥᠷᠭᠡᠳᠬᠡᠨ᠎ᠡ | ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠦᠢᠯᠡ ᠠᠵᠢᠯᠯᠠᠭ᠎ᠠ ᠶᠢ ᠨᠢ | ᠵᠢᠷᠤᠮᠵᠢᠭᠤᠯᠬᠤ ᠶᠢ ᠴᠢᠬᠤᠯᠠ ᠠᠭᠤᠯᠭ᠎ᠠ ᠪᠣᠯᠭᠠᠵᠤ᠂ 2025 ᠣᠨ ᠤ ᠪᠥᠬᠦ ᠤᠯᠤᠰ ᠲᠠᠬᠢ ᠠᠵᠤ ᠠᠬᠤᠶᠢᠯᠠᠯ ᠤᠨ | ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠬᠡᠷᠡᠭᠵᠢᠭᠦᠯᠬᠦ ᠲᠥᠰᠥᠯ ᠢ ᠨᠡᠶᠢᠲᠡᠯᠡᠨ᠎ᠡ | |