ᠴᠠᠷᠠᠰᠤᠨ ᠳᠤᠳᠤᠭᠠᠳᠦ ᠶᠢ ᠬᠠᠮᠠᠭᠠᠯᠠᠬᠤ ᠰᠠᠯᠪᠤᠷᠢ ᠬᠠᠤᠯᠢ ᠴᠠᠭᠠᠵᠠ ᠶᠢᠨ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠬᠦᠷᠬᠡᠪᠡ
ᠨᠡᠶᠢᠲᠡᠯᠡᠭᠰᠡᠨ ᠴᠠᠭ᠄
2025/4/23
      ᠵᠠᠯᠠᠭᠤᠴᠤᠳ ᠪᠠᠭᠠᠴᠤᠳ ᠤᠨ ᠬᠠᠤᠯᠢᠵᠢᠯ ᠤᠨ ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠮᠤᠷ ᠲᠦᠪᠰᠢᠨ᠂ ᠡᠶ᠎ᠡ ᠵᠣᠬᠢᠴᠠᠩᠭᠤᠶ᠂ ᠪᠣᠯᠪᠠᠰᠤᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠣᠶ ᠪᠣᠯᠭᠠᠬᠤ ᠪᠠᠷ ᠵᠤᠷᠢᠯᠭ᠎ᠠ ᠪᠤᠯᠭᠠᠵᠦ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠴᠠᠷᠠᠰᠤᠨ ᠳᠤᠳᠤᠭᠠᠳᠦ ᠶᠢ ᠬᠠᠮᠠᠭᠠᠯᠠᠬᠤ ᠰᠠᠯᠪᠤᠷᠢ ᠶᠢᠨ ᠬᠢᠨ ᠴᠠᠷᠠᠰᠤᠨ ᠪᠠᠭ᠎ᠠ ᠰᠤᠷᠭᠠᠭᠤᠯᠢ ᠳᠤ ᠬᠦᠷᠴᠦ᠂ ᠡᠯᠪᠡᠭ ᠪᠠᠶᠠᠯᠢᠭ ᠠᠭᠤᠯᠭ᠎ᠠ  ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠬᠦᠷᠬᠡᠬᠦ ᠠᠵᠢᠯᠯᠠᠭ᠎ᠠ ᠥᠷᠨᠢᠭᠦᠯᠵᠠᠢ᠃      ᠠᠵᠢᠯᠯᠠᠭ᠎ᠠ ᠳᠤ᠂ ᠠᠷᠠᠳ ᠤᠨ ᠴᠠᠭᠳᠠᠭ᠎ᠠ ᠰᠤᠷᠤᠭᠴᠢᠳ ᠤᠨ ᠨᠠᠰᠤᠨ ᠤ ᠣᠨᠴᠠᠯᠢᠭ ᠪᠠ ᠲᠠᠨᠢᠨ ᠮᠡᠳᠡᠬᠦᠶ ᠶᠢᠨ ᠬᠢᠷᠢ ᠲᠦᠪᠰᠢᠨ ᠲᠠᠢ ᠤᠶᠠᠯᠳᠤᠭᠤᠯᠤᠨ᠂ ᠲᠥᠬᠦᠮ ᠣᠶᠢᠯᠠᠭᠠᠮᠵᠢᠲᠠᠶ ᠭᠡᠯᠡ ᠭᠡᠯᠡᠯᠭᠡ᠂ ᠪᠣᠳᠠᠲᠠᠶ ᠬᠡᠷᠡᠭ ᠤᠨ ᠵᠢᠱᠢᠶ᠎ᠡ ᠪᠠᠷ ᠰᠤᠷᠤᠭᠴᠢᠳ ᠤᠨ ᠰᠤᠷᠤᠯᠭ᠎ᠠ ᠠᠮᠢᠳᠤᠷᠠᠯ ᠳᠤ ᠬᠤᠯᠪᠤᠬᠳᠠᠬᠤ ᠬᠠᠤᠯᠢ ᠴᠠᠭᠠᠵᠠ ᠶᠢᠨ ᠮᠡᠳᠡᠯᠭᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠵᠠᠶ᠃ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠳᠠᠶᠢᠯᠤᠮᠵᠢ ᠳᠤ᠂ ᠠᠷᠠᠳ ᠤᠨ ᠴᠠᠭᠳᠠᠭ᠎ᠠ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠢᠯᠡᠷᠡᠬᠦ ᠬᠡᠯᠪᠡᠷᠢ᠂ ᠬᠤᠤᠷ ᠬᠥᠨᠥᠭᠡᠯ ᠪᠠ ᠦᠷ᠎ᠡ ᠳ᠋ᠦᠩ ᠵᠢᠴᠢ ᠠᠷᠭᠠᠴᠠᠭᠠᠬᠤ ᠠᠷᠭ᠎ᠠ ᠶᠢ ᠲᠣᠳᠣᠷᠬᠠᠶᠢᠯᠠᠨ ᠲᠠᠶᠢᠯᠪᠦᠷᠢᠯᠠᠬᠤ ᠪᠠᠷ ᠳᠠᠮᠵᠢᠨ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠦᠨᠳᠦ ᠨᠣᠴᠢᠲᠠᠶ ᠴᠢᠨᠠᠷ ᠢ ᠭᠦᠨᠵᠡᠭᠡᠶ ᠲᠠᠨᠢᠭᠤᠯᠵᠤ᠂ ᠣᠯᠠᠨ ᠢ ᠬᠥᠲᠥᠯᠦᠨ ᠵᠢᠯᠣᠭᠤᠳᠴᠤ ᠪᠠᠶᠢᠭᠠᠳ ᠬᠠᠷᠢᠯᠴᠠᠨ ᠬᠦᠨᠳᠦᠳᠭᠡᠵᠦ᠂ ᠨᠥᠬᠦᠷᠰᠡᠭ ᠢᠶᠠᠷ ᠬᠠᠷᠢᠯᠴᠠᠵᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠢᠯᠡᠷᠡᠬᠦᠯᠦᠭᠰᠡᠭᠡᠷ ᠴᠠᠭ ᠲᠤᠬᠠᠶ ᠳᠤᠨᠢ ᠪᠠᠭᠰᠢ᠂ ᠭᠡᠷ ᠤᠨ ᠠᠬᠠᠮᠠᠳ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠬᠦᠯᠤᠨ ᠲᠤᠰᠠᠯᠠᠮᠵᠢ ᠭᠤᠶᠤᠴᠢᠯᠠᠬᠤ ᠶᠢ ᠤᠷᠢᠶᠠᠯᠠᠵᠠᠢ᠃      ᠡᠭᠦᠨ ᠠᠴᠠ ᠭᠠᠳᠠᠨ᠎ᠠ᠂ ᠠᠷᠠᠳ ᠤᠨ ᠴᠠᠭᠳᠠᠭ᠎ᠠ ᠪᠠᠰᠠ ᠰᠤᠷᠤᠭᠴᠢᠳ ᠲᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠭᠠᠯ ᠤᠨ ᠠᠶᠤᠯ ᠢ ᠰᠡᠷᠭᠡᠶᠢᠯᠡᠬᠦ᠂ ᠭᠠᠯ ᠤᠨ ᠠᠶᠤᠯ ᠡᠭᠦᠰᠭᠦ ᠦᠶ᠎ᠡ ᠶᠢᠨ ᠪᠠᠴᠢᠮ ᠪᠠᠶᠢᠳᠠᠯ ᠢ ᠠᠷᠭᠠᠴᠠᠭᠠᠵᠤ ᠦᠪᠡᠷ ᠪᠤᠰᠤᠳ ᠢ ᠠᠪᠤᠷᠠᠨ ᠳᠤᠰᠠᠯᠠᠬᠤ ᠠᠷᠭ᠎ᠠ ᠵᠢᠴᠢ ᠭᠠᠯ ᠤᠨᠲᠠᠷᠠᠭᠠᠭᠤᠷ ᠢ ᠵᠥᠪ ᠬᠡᠷᠡᠭᠯᠡᠬᠦ ᠵᠡᠷᠭᠡ ᠮᠡᠳᠡᠯᠭᠡ ᠴᠢᠳᠠᠪᠤᠷᠢ ᠶᠢ ᠤᠬᠠᠭᠤᠯᠤᠨ ᠲᠠᠶᠢᠯᠪᠦᠷᠢᠯᠠᠵᠦ᠂ ᠲᠤᠬᠠᠶ ᠶᠢᠨ ᠲᠠᠯᠠᠪᠤᠷ ᠲᠤ ᠳᠡᠯᠭᠡᠨ ᠦᠵᠡᠭᠦᠯᠬᠦ ᠪᠠ ᠬᠠᠷᠢᠯᠴᠠᠨ ᠬᠦᠳᠡᠯᠦᠯᠴᠡᠬᠦ ᠪᠠᠷ ᠳᠠᠮᠵᠢᠭᠤᠯᠤᠨ᠂ ᠰᠤᠷᠤᠭᠴᠢᠳ ᠲᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠮᠡᠳᠡᠯᠭᠡ ᠶᠢ ᠡᠵᠡᠮᠰᠢᠭᠦᠯᠵᠦ᠂ ᠠᠮᠤᠷ ᠲᠦᠪᠰᠢᠨ ᠤ ᠤᠬᠠᠮᠰᠠᠷ ᠢ ᠨᠢ ᠳᠡᠭᠡᠭᠰᠢᠯᠡᠭᠦᠯᠪᠡ᠃      ᠳᠠᠷᠠᠭᠠᠴᠢ ᠪᠠᠷ᠂ ᠴᠠᠷᠠᠰᠤᠨ ᠳᠤᠳᠤᠭᠠᠳᠦ ᠶᠢ ᠬᠠᠮᠠᠭᠠᠯᠠᠬᠤ ᠰᠠᠯᠪᠤᠷᠢ ᠬᠠᠤᠯᠢ ᠴᠠᠭᠠᠵᠠ ᠶᠢᠨ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠬᠦᠷᠭᠡᠬᠦ ᠵᠢᠴᠢ ᠰᠤᠷᠤᠬᠴᠢ ᠶᠢ ᠬᠠᠮᠠᠭᠠᠯᠠᠬᠤ ᠬᠠᠮᠢᠶ᠎ᠠ ᠪᠦᠬᠦᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠬᠠᠭᠤᠯᠭ᠎ᠠ ᠶᠢᠨ ᠠᠭᠤᠯᠭ᠎ᠠ ᠪᠣᠯᠤᠨ ᠬᠡᠯᠪᠡᠷᠢ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠬᠠᠤᠯᠢᠵᠢᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠵᠤ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ ᠯᠢ ᠵᠢᠩ ᠮᠡᠳᠡᠭᠡᠯᠡᠪᠡ
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号