| 4 ᠰᠠᠷ᠎ᠠ ᠶᠢᠨ 16 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2025 ᠣᠨ ᠤ | ᠰᠣᠶᠣᠯ ᠵᠢᠭᠤᠯᠴᠢᠯᠠᠯ ᠤᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠵᠤ᠂ ᠬᠢᠩᠭᠠᠨ ᠠᠶᠢᠮᠠᠭ ᠤᠨ | ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ | ᠱᠦᠵᠢ ᠰᠦᠨ ᠱᠤ᠋ ᠲᠤᠤ ᠵᠢᠴᠢ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ᠂ | ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠡᠯ᠎ᠡ ᠰᠤᠮᠤ ᠰᠢᠶᠠᠩ ᠪᠠᠯᠭᠠᠰᠤ ᠶᠢᠨ | ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃ | ᠰᠦᠨ ᠱᠤ᠋ ᠲᠤᠤ᠂ ᠥᠩᠭᠡᠷᠡᠭᠰᠡᠨ ᠨᠢᠭᠡ ᠵᠢᠯ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠰᠣᠶᠣᠯ ᠵᠢᠭᠤᠯᠴᠢᠯᠠᠯ ᠤᠨ ᠦᠢᠯᠡᠰ ᠣᠯᠠᠨ ᠲᠠᠯ᠎ᠠ ᠪᠠᠷ ᠬᠥᠭᠵᠢᠵᠦ᠂ ᠬᠢᠯᠠᠰ ᠴᠡᠭ ᠲᠠᠢ ᠪᠣᠯᠵᠣ᠂ ᠢᠯᠡᠳᠲᠡ | ᠠᠮᠵᠢᠯᠲᠠ ᠣᠯᠵᠠᠶ᠃ ᠡᠨᠡ ᠵᠢᠯ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠷᠭᠦᠯᠵᠢᠯᠡᠨ ︽ | ᠳᠠᠪᠠᠭᠤᠯᠢᠭ ᠢᠶᠠᠨ ᠪᠠᠳᠠᠷᠠᠭᠤᠯᠬᠤ᠂ ᠵᠥᠷᠢᠶ᠎ᠡ ᠪᠠᠨ ᠡᠷᠢᠬᠦ᠂ ᠳᠤᠲᠠᠭᠤᠳᠠᠯ ᠢᠶᠠᠨ ᠨᠥᠬᠦᠪᠥᠷᠢᠯᠡᠬᠦ︾ ᠳᠡᠭᠡᠷ᠎ᠡ ᠬᠦᠴᠦ | ᠲᠠᠯᠪᠢᠵᠤ᠂ ︽ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠬᠦ︾ ᠲᠠᠯ᠎ᠠ ᠪᠠᠷ ᠪᠣᠳᠠᠲᠠᠶ ᠠᠷᠭ᠎ᠠ ᠬᠡᠮᠵᠢᠶ᠎ᠡ ᠠᠪᠴᠤ᠂ | ᠰᠣᠶᠣᠯ ᠵᠢᠭᠤᠯᠴᠢᠯᠠᠯ ᠤᠨ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠡᠷᠴᠢᠮ ᠢᠶᠠᠨ | ᠴᠢᠩᠭᠠᠷᠠᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ | ᠲᠦᠷᠭᠡᠳᠬᠡᠨ᠂ ︽ᠬᠠᠩᠭᠠᠶ ᠲᠠᠯ᠎ᠠ ᠨᠤᠲᠤᠭ︾ ᠢᠶᠠᠷ ᠭᠤᠣᠯ ᠣᠨᠴᠠᠯᠢᠭ ᠪᠣᠯᠭᠠᠭᠰᠠᠨ ᠰᠢᠵᠢᠷ ᠠᠯᠲᠠᠨ | ᠵᠢᠭᠤᠯᠴᠢᠯᠠᠯ ᠤᠨ ᠭᠠᠵᠠᠷ ᠢ ᠪᠤᠶ ᠪᠣᠯᠭᠠᠵᠤ᠂ ᠬᠠᠮᠲᠤ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ | ᠮᠠᠯᠵᠢᠬᠤ ᠡᠷᠦᠬᠡ ᠶᠢᠨ ᠵᠢᠭᠤᠯᠴᠢᠯᠠᠯ᠂ ᠬᠠᠷ᠎ᠠ ᠢᠮᠠᠭᠠᠳᠤ ᠶᠢᠨ ᠠᠭᠤᠯᠠᠨ ᠤ ᠦᠵᠡᠮᠵᠢ ᠶᠢᠨ ᠣᠷᠣᠨ ᠤ ᠮᠦ ᠶᠧ ᠱᠠᠨ | ᠵᠢᠶᠠᠨ ᠭᠤᠷᠪᠠᠳᠤᠭᠠᠷ ᠬᠤᠭᠤᠴᠠᠭ᠎ᠠ᠂ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠵᠣᠴᠢᠳ ᠤᠨ ᠲᠢᠩᠬᠢᠮ᠂ ᠬᠤᠩ | ᠰᠢᠨ ᠲᠣᠰᠬᠤᠨ ᠤ ᠤᠰᠤᠨ ᠳᠡᠭᠡᠷᠡᠬᠢ ᠴᠡᠩᠭᠡᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠵᠡᠷᠭᠡ 5 ᠲᠥᠷᠥᠯ | ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠬᠦ ᠬᠡᠷᠡᠭᠳᠡᠢ᠃ ᠵᠢᠭᠤᠯᠴᠢᠯᠠᠯ ᠤᠨ ᠬᠦᠴᠦᠨ ᠵᠦᠢᠯ ᠢ ᠲᠡᠭᠦᠯᠳᠡᠷᠵᠢᠭᠦᠯᠬᠦ᠂ | ᠦᠢᠯᠡᠳᠭᠦᠨ ᠤ ᠵᠢᠷᠤᠭ ᠲᠥᠯᠥᠪᠯᠡᠭᠡ ᠶᠢ ᠰᠢᠯᠢᠳᠡᠭᠵᠢᠭᠦᠯᠬᠦ᠂ ᠵᠢᠭᠤᠯᠴᠢᠯᠠᠯ ᠤᠨ ᠣᠷᠴᠢᠨ ᠲᠣᠭᠤᠷᠢᠨ ᠢ ᠴᠡᠭᠴᠡᠯᠡᠨ | ᠵᠠᠰᠠᠬᠤ᠂ ᠦᠢᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠬᠦ ᠵᠡᠷᠭᠡ ︽ᠳᠥᠷᠪᠡᠨ ᠶᠡᠭᠡ ᠠᠵᠢᠯᠯᠠᠭ᠎ᠠ︾ ᠪᠠᠷ | ᠳᠠᠮᠵᠢᠭᠤᠯᠤᠨ᠂ ᠵᠢᠭᠤᠯᠴᠢᠯᠠᠯ ᠤᠨ ᠦᠢᠯᠡᠰ ᠤᠨ ᠪᠠᠶᠢᠳᠠᠯ ᠢ ᠪᠠᠶᠠᠯᠢᠭᠵᠢᠭᠤᠯᠵᠤ᠂ ᠵᠢᠭᠤᠯᠴᠢᠯᠠᠭᠴᠢᠳ ᠤᠨ | ᠣᠶᠢᠯᠠᠭᠠᠯᠲᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠣᠨᠴᠠᠯᠢᠭ ᠢᠶᠠᠷ ᠢᠯᠡ ᠲᠣᠳᠣ᠂ ᠦᠢᠯᠡᠴᠢᠯᠡᠭᠡ ᠪᠠᠷ ᠴᠢᠨᠠᠷ | ᠰᠠᠶᠢᠲᠠᠶ᠂ ᠠᠮᠢ ᠠᠬᠤᠶ ᠪᠠᠷ ᠨᠥᠬᠦᠷᠰᠡᠭ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ | ᠣᠷᠣᠨ ᠢ ᠪᠣᠶ ᠪᠣᠯᠭᠠᠵᠤ᠂ ᠤᠯᠤᠰ ᠤᠨ ᠲᠠᠰ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ | ᠪᠥᠬᠦ ᠬᠦᠴᠦᠨ ᠢᠶᠠᠷ ᠢᠶᠠᠨ ᠴᠢᠷᠮᠠᠶᠢᠨ ᠴᠣᠭᠴᠠᠯᠠᠬᠤ ᠬᠡᠷᠡᠭᠳᠡᠢ ᠭᠡᠵᠡᠢ᠃ | ᠬᠤᠷᠠᠯ ᠠᠴᠠ 2025 ᠣᠨ ᠤ ᠰᠣᠶᠣᠯ ᠵᠢᠭᠤᠯᠴᠢᠯᠠᠯ ᠤᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠤᠨ᠂ | ᠪᠦᠭᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠢ ᠥᠪᠡᠷ ᠢᠶᠠᠨ | ᠪᠠᠶᠢᠴᠠᠭᠠᠭᠰᠠᠨ ᠪᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠡᠳᠡᠭᠳᠡᠪᠡ᠃ | ᠣᠶᠢᠯᠠᠭᠠᠭᠰᠠᠨ ᠢᠶᠠᠷ᠂ ᠡᠨᠡ ᠵᠢᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠬᠢᠩᠭᠠᠨ | ᠠᠶᠢᠮᠠᠭ ᠤᠨ ︽ᠳᠡᠯᠡᠬᠡᠶ ᠶᠢᠨ ᠳᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ︾ ᠪᠠᠶᠢᠭᠤᠯᠬᠤ ᠠᠵᠢᠯ ᠤᠨ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠠᠶᠠᠯᠭᠤᠳᠤ ᠵᠢᠭᠤᠯᠴᠢᠯᠠᠯ ᠥᠪᠥᠷ ᠮᠣᠩᠭᠤᠯ︾ | ︽ᠲᠠᠯ᠎ᠠ ᠨᠤᠲᠤᠭ ᠲᠤ ᠥᠪᠡᠷ ᠢᠶᠠᠨ ᠲᠡᠷᠭᠡ ᠵᠢᠯᠣᠭᠤᠳᠬᠤ︾ ᠶᠢᠨ ᠲᠣᠭᠤᠷᠢᠨ ᠳᠤ᠂ 100 ᠡᠳᠦᠷ ᠤᠨ ︽ | ᠬᠢᠩᠭᠠᠨ ᠠᠶᠢᠮᠠᠭ ᠤᠨ ᠨᠠᠭᠠᠳᠤᠮ ᠤᠨ ᠤᠯᠠᠷᠢᠯ︾ ᠪᠠ ︽ᠡᠳᠦᠷ ᠡᠳᠦᠷ ᠰᠢᠨᠡᠯᠡᠬᠦ︾ ᠪᠠᠷ ᠭᠤᠤᠯ ᠰᠢᠵᠢᠮ ᠪᠣᠯᠭᠠᠵᠤ | ᠂ ︽2+4+2+N︾ ᠠᠵᠢᠯᠯᠠᠭ᠎ᠠ ᠶᠢᠨ ᠰᠢᠰᠲ᠋ᠧᠮ ᠢ ᠪᠠᠶᠢᠭᠤᠯᠤᠨ᠂ ᠰᠣᠶᠣᠯ ᠵᠢᠭᠤᠯᠴᠢᠯᠠᠯ ᠤᠨ ᠰᠢᠷᠢᠰ | ᠠᠵᠢᠯᠯᠠᠭ᠎ᠠ ᠶᠢ ᠥᠷᠨᠢᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ︽ᠳᠥᠷᠪᠡᠨ | ᠶᠡᠭᠡ ᠠᠵᠢᠯᠯᠠᠭ᠎ᠠ︾ ᠶᠢ ᠠᠬᠢᠭᠤᠯᠵᠤ᠂ ᠤᠯᠠᠭᠠᠨᠮᠤᠳᠤ ᠶᠢᠨ ᠲᠠᠯ᠎ᠠ ᠨᠤᠲᠤᠭ ᠤᠨ ᠰᠢᠵᠢᠷ ᠠᠯᠲᠠᠨ ᠵᠢᠭᠤᠯᠴᠢᠯᠠᠯ ᠤᠨ | ᠵᠣᠷᠢᠭᠰᠠᠨ ᠭᠠᠵᠠᠷ ᠪᠠ ᠪᠥᠬᠦ ᠤᠯᠤᠰ ᠤᠨ ᠵᠢᠭᠤᠯᠴᠢᠯᠠᠯ ᠤᠨ ᠨᠠᠷᠠᠲᠤ ᠬᠤᠰᠢᠭᠤ ᠰᠢᠶᠠᠨ ᠢ ᠪᠥᠬᠦ | ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ |