| 4 ᠰᠠᠷ᠎ᠠ ᠶᠢᠨ 17 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠳᠤᠮᠳᠠᠳᠤ ᠤᠯᠤᠰ ᠤᠨ ᠡᠪ | ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ | ᠬᠤᠷᠢᠶᠠᠨ ᠤ ᠪᠠᠶᠢᠩᠭᠤ ᠶᠢᠨ ᠬᠤᠷᠢᠶᠠᠨ ᠤ 141 ᠳ᠋ᠤᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠵᠢᠴᠢ ᠬᠡᠰᠡᠭ | ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠠᠶ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠳᠡᠭᠡᠳᠦ ᠱᠠᠲᠤᠨ ᠤ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠪᠦᠬᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠢ | ᠥᠷᠨᠢᠭᠦᠯᠦᠭᠰᠡᠨ ᠪᠠᠶᠢᠳᠠᠯ ᠪᠣᠯᠤᠨ ︽ᠲᠠᠪᠤᠨ ᠨᠢᠭᠡ︾ ᠶᠢᠨ ᠤᠯᠠᠨ ᠲᠦᠮᠡᠨ ᠤ ᠠᠵᠢᠯ ᠤᠨ ᠠᠷᠭ᠎ᠠ ᠶᠢ | ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ | ᠬᠤᠷᠠᠯ ᠠᠴᠠ᠂ ᠡᠯ᠎ᠡ ᠭᠠᠵᠠᠷ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ | ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ | ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠲᠣᠭᠲᠠᠭᠠᠭᠰᠠᠨ 6 ᠲᠤᠰᠬᠠᠢ ᠴᠡᠭᠴᠡᠯᠡᠨ ᠵᠠᠰᠠᠯᠲᠠ᠂ 16 ᠤᠯᠠᠨ | ᠲᠦᠮᠡᠨ ᠤ ᠳᠡᠷᠭᠡᠳᠡᠬᠢ ᠪᠣᠳᠠᠲᠤ ᠶᠠᠪᠤᠳᠠᠯ ᠵᠢᠴᠢ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ 2 ᠲᠤᠰᠬᠠᠢ | ᠴᠡᠭᠴᠡᠯᠡᠨ ᠵᠠᠰᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠲᠤᠰᠬᠠᠯ ᠴᠢᠩᠭ᠎ᠠ ᠲᠤᠪᠤᠶᠢᠮ᠎ᠠ | ᠠᠰᠠᠭᠤᠳᠠᠯ ᠢ ᠴᠢᠩᠭ᠎ᠠ ᠠᠩᠬᠠᠷᠴᠤ᠂ ᠤᠯᠠᠨ ᠲᠦᠮᠡᠨ ᠳᠤ ᠰᠢᠨ᠎ᠡ ᠬᠤᠪᠢᠷᠠᠯᠲᠠ ᠶᠢ ᠦᠵᠡᠭᠦᠯᠵᠦ᠂ ᠦᠨᠡᠨ ᠪᠣᠳᠠᠲᠠᠢ | ᠠᠰᠢᠭ ᠬᠦᠷᠲᠡᠭᠡᠬᠦ ᠬᠡᠷᠡᠭᠳᠡᠢ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ | ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠥᠪᠡᠷ ᠢᠶᠠᠨ ᠪᠠᠶᠢᠴᠠᠭᠠᠵᠤ ᠭᠠᠷᠭᠠᠭᠰᠠᠨ | ᠠᠰᠠᠭᠤᠳᠠᠯ ᠳᠤ ᠴᠢᠭᠯᠡᠭᠦᠯᠦᠨ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠰᠣᠶᠣᠯ ᠤᠨ ᠥᠪ ᠢ ᠬᠠᠮᠠᠭᠠᠯᠠᠬᠤ | ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠬᠦ ᠬᠡᠷᠡᠭᠲᠡᠶ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢᠨ ᠴᠢᠬᠤᠯᠠ ᠶᠡᠭᠡ ᠠᠴᠢ | ᠬᠤᠯᠪᠣᠭᠳᠠᠯ ᠢ ᠭᠦᠨᠵᠡᠭᠡᠢ ᠲᠠᠨᠢᠵᠤ᠂ ᠮᠠᠯᠵᠢᠬᠤ ᠡᠷᠦᠭᠡ ᠶᠢᠨ ᠵᠢᠭᠤᠯᠴᠢᠯᠠᠯ ᠤᠨ ᠲᠦᠷᠦᠯ ᠵᠦᠢᠯ ᠤᠨ | ᠬᠡᠷᠡᠭᠵᠢᠭᠦᠯᠦᠯᠲᠡ ᠶᠢ ᠲᠦᠷᠭᠡᠳᠬᠡᠨ ᠠᠬᠢᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢ ᠪᠦᠬᠦ | ᠤᠯᠤᠰ ᠤᠨ ᠲᠦᠷᠦᠭᠦᠦ ᠪᠦᠯᠦᠭ᠂ ᠪᠦᠬᠦ ᠣᠷᠣᠨ ᠤ ᠴᠤᠷ ᠤᠨ ᠭᠠᠭᠴᠠ ᠬᠠᠮᠲᠤ ᠶᠢᠨ ᠣᠳᠣᠬᠢᠴᠢᠯᠠᠯᠲᠠ ᠶᠢᠨ | ᠲᠤᠷᠰᠢᠯᠲᠠ ᠶᠢᠨ ᠴᠡᠭ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠠᠮᠲᠤ ᠶᠢᠨ ᠣᠳᠣᠬᠢᠴᠢᠯᠠᠯᠲᠠ ᠶᠢᠨ | ᠲᠤᠷᠰᠢᠯᠲᠠ ᠶᠢᠨ ᠴᠡᠭ ᠤᠨ ᠪᠦᠳᠦᠬᠡᠨ ᠪᠠᠶᠢᠭᠤᠯᠤᠯᠲᠠ ᠶᠢ ᠪᠣᠳᠠᠲᠠᠢ ᠳᠦᠷᠦᠭᠳᠡᠯ ᠲᠠᠢ ᠪᠦᠲᠦᠮᠵᠢᠲᠡᠢ ᠪᠣᠯᠭᠠᠬᠤ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |