| 4 ᠰᠠᠷ᠎ᠠ ᠶᠢᠨ 19 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠪᠤᠷᠭᠠᠰᠤᠳᠠᠢ ᠰᠢᠶᠠᠩ᠂ ᠠᠯᠳᠠᠷ | ᠰᠤᠮᠤ᠂ ᠲᠤᠬᠤᠮ ᠰᠤᠮᠤ᠂ ᠤᠯᠠᠭᠠᠨᠮᠣᠳᠣ ᠰᠤᠮᠤ ᠪᠠᠷ ᠭᠦᠨᠵᠡᠭᠡᠶᠢᠷᠡᠵᠦ᠂ ᠦᠨᠳᠤᠷ ᠪᠠᠷᠢᠮᠵᠢᠶᠠᠲᠤ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ᠂ ᠰᠤᠮᠤ ᠰᠢᠶᠠᠩ ᠪᠠᠯᠭᠠᠰᠤ ᠶᠢᠨ ᠳᠥᠷᠪᠡᠨ ᠵᠦᠢᠯ ᠤᠨ ᠭᠤᠤᠯᠳᠠᠯᠭ᠎ᠠ ᠲᠠᠢ | ᠠᠵᠢᠯ᠂ ᠶᠡᠷᠦᠩᠬᠡᠶᠢᠯᠡᠨ ᠵᠠᠰᠠᠬᠤ ᠲᠥᠪ ᠤᠨ ᠪᠥᠲᠥᠭᠡᠨ ᠪᠠᠶᠢᠭᠤᠯᠤᠯᠲᠠ᠂ ᠣᠶ ᠰᠢᠭᠤᠶ ᠨᠤᠳᠤᠭ ᠪᠡᠯᠴᠢᠭᠡᠷ ᠢ | ᠡᠪᠳᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠵᠢᠴᠢ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ᠂ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠰᠤᠮᠤ ᠰᠢᠶᠠᠩ ᠪᠠᠯᠭᠠᠰᠤ ᠶᠢᠨ | ᠥᠨᠳᠥᠷ ᠦᠷ᠎ᠡ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠭᠡᠬᠦ ᠵᠡᠷᠭᠡ ᠭᠤᠤᠯᠳᠠᠯᠭ᠎ᠠ ᠲᠠᠢ ᠠᠵᠢᠯ ᠢ ᠲᠤᠬᠠᠶ ᠶᠢᠨ | ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃ | ᠰᠦᠨ ᠱᠤ᠋ ᠲᠤᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠶᠠᠰᠤ | ᠴᠢᠨᠠᠷ ᠢ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠬᠠᠷᠢᠶ᠎ᠠ ᠭᠠᠵᠠᠷ ᠤᠨ ᠡᠵᠡᠩᠨᠡᠯᠲᠡ ᠶᠢᠨ | ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ︽ | ᠰᠠᠶᠢᠲᠤᠷ ᠪᠠᠶᠢᠭᠤᠯᠵᠤ ᠳᠡᠶᠢᠯᠬᠦ᠂ ᠬᠡᠷᠡᠭᠯᠡᠵᠦ ᠳᠡᠶᠢᠯᠬᠦ᠂ ᠪᠠᠲᠤ ᠬᠠᠮᠢᠶᠠᠷᠴᠤ ᠳᠡᠶᠢᠯᠬᠦ︾ ᠶᠢ ᠦᠨᠡᠨ ᠬᠦ ᠪᠠᠲᠤᠯᠠᠬᠤ | ᠬᠡᠷᠡᠭᠲᠡᠶ᠃ ᠰᠤᠮᠤ ᠰᠢᠶᠠᠩ ᠪᠠᠯᠭᠠᠰᠤ ᠶᠢᠨ ᠲᠦᠷᠪᠡᠨ ᠵᠦᠢᠯ ᠤᠨ ᠭᠤᠣᠯᠳᠠᠯᠭ᠎ᠠ ᠲᠠᠢ ᠠᠵᠢᠯ ᠢ ᠪᠣᠳᠠᠲᠠᠢ ᠠᠳᠬᠤᠵᠤ᠂ | ᠬᠡᠯᠡᠪᠡᠯ ᠬᠢᠵᠦ᠂ ᠬᠢᠪᠡᠯ ᠰᠠᠶᠢᠲᠤᠷ ᠬᠢᠵᠦ᠂ ᠲᠦᠷᠪᠡᠨ ᠵᠦᠢᠯ ᠤᠨ ᠭᠤᠣᠯᠳᠠᠯᠭ᠎ᠠ ᠲᠠᠢ ᠠᠵᠢᠯ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠵᠡᠭᠦᠯᠬᠦ ᠬᠥᠲᠥᠯᠦᠮᠵᠢ ᠲᠤᠯᠭᠠᠭᠤᠷᠢᠯᠠᠯ ᠤᠨ ᠦᠢᠯᠡᠳᠦᠯ ᠢ | ᠭᠦᠢᠴᠡᠳ ᠪᠠᠳᠠᠷᠠᠭᠤᠯᠬᠤ ᠬᠡᠷᠡᠭᠲᠡᠢ᠃ ᠰᠤᠮᠤ ᠰᠢᠶᠠᠩ ᠪᠠᠯᠭᠠᠰᠤ ᠶᠢᠨ ᠶᠡᠷᠦᠩᠬᠡᠶᠢᠯᠡᠨ ᠵᠠᠰᠠᠬᠤ ᠲᠥᠪ ᠤᠨ | ᠵᠢᠷᠤᠮᠵᠢᠭᠰᠠᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ | ᠪᠠᠶᠢᠴᠠᠭᠠᠵᠤ ᠡᠶᠡᠳᠡᠭᠦᠯᠦᠨ ᠰᠢᠢᠳᠪᠤᠷᠢᠯᠡᠬᠦ ᠲᠣᠭᠲᠠᠴᠠ ᠶᠢ ᠪᠦᠷᠢᠨᠰᠢᠬᠦᠯᠵᠦ᠂ ᠵᠥᠷᠢᠴᠡᠯ ᠵᠢᠭᠤᠷᠠᠯᠳᠤᠭᠠᠨ ᠢ | ᠦᠨᠳᠦᠰᠦᠨ ᠱᠠᠲᠤᠨ ᠳᠤ ᠠᠷᠢᠯᠭᠠᠵᠤ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠶ᠃ ᠣᠶ ᠰᠢᠭᠤᠶ | ᠨᠤᠳᠤᠭ ᠪᠡᠯᠴᠢᠭᠡᠷ ᠢ ᠡᠪᠳᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠶ | ᠠᠬᠢᠭᠤᠯᠵᠤ᠂ ︽ᠲᠦᠷᠭᠡᠨ᠂ ᠴᠢᠩᠭ᠎ᠠ᠂ ᠨᠠᠷᠢᠯᠢᠭ︾ ᠳᠡᠭᠡᠷ᠎ᠡ ᠭᠤᠤᠯᠳᠠᠯᠭ᠎ᠠ ᠲᠠᠢ ᠬᠦᠴᠦ ᠲᠠᠯᠪᠢᠵᠤ᠂ ᠪᠥᠬᠦ | ᠬᠤᠰᠢᠭᠤᠨ ᠤ ᠣᠶ ᠰᠢᠭᠤᠶ ᠨᠤᠳᠤᠭ ᠪᠡᠯᠴᠢᠭᠡᠷ ᠢ ᠡᠪᠳᠡᠭᠰᠡᠨ ᠦᠢᠯᠡ ᠠᠵᠢᠯᠯᠠᠭ᠎ᠠ ᠶᠢ ᠬᠤᠷᠢᠭᠯᠠᠬᠤ ᠶᠡᠷᠦᠩᠬᠡᠶ | ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠶ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠢᠴᠢ | ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠪᠡᠯᠴᠢᠭᠡᠷ | ᠤᠨ ᠳᠠᠭᠠᠭᠠᠴᠠ ᠠᠴᠠ ᠬᠡᠲᠦᠷᠡᠭᠰᠡᠨ ᠮᠠᠯ ᠤᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠣᠶᠢᠯᠠᠭᠠᠵᠤ᠂ ᠭᠠᠳᠠᠨ᠎ᠠ ᠠᠴᠠ | ᠢᠷᠡᠭᠰᠡᠨ ᠮᠠᠯ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠪᠡᠯᠴᠢᠭᠡᠷ ᠤᠨ ᠲᠠᠭᠠᠭᠠᠴᠠ ᠠᠴᠠ ᠬᠡᠲᠦᠷᠡᠭᠦᠯᠦᠨ | ᠮᠠᠯᠵᠢᠬᠤ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠶ᠃ ᠲᠥᠪ᠂ ᠥᠪᠡᠷᠲᠡᠭᠡᠨ | ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠬᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠵᠤ᠂ ᠴᠢᠩᠭ᠎ᠠ ᠬᠦᠭ ᠠᠶᠠᠰ᠂ ᠪᠣᠳᠠᠲᠠᠢ | ᠠᠷᠭ᠎ᠠ ᠬᠡᠮᠵᠢᠶ᠎ᠡ ᠪᠠᠷ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠪᠠᠬᠢᠵᠢᠭᠦᠯᠵᠦ᠂ ᠦᠩᠭᠡᠨ ᠲᠠᠯ᠎ᠠ ᠠᠴᠠ | ᠴᠡᠭᠴᠡᠯᠡᠨ ᠰᠠᠶᠢᠵᠢᠷᠠᠭᠤᠯᠬᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠡᠷᠡᠰ ᠬᠤᠷᠢᠭᠯᠠᠬᠤ | ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠢ ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠭᠦᠢᠴᠡᠳᠭᠡᠬᠦ︾᠂ ᠬᠡᠯᠪᠡᠷᠢᠴᠢ ᠦᠵᠡᠯ ᠢ ᠴᠡᠭᠴᠡᠯᠡᠨ | ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ | ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ | ᠠᠵᠢᠯ ᠲᠠᠢ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠣᠯᠵᠤ ᠮᠡᠳᠡᠬᠦ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ |