ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠤᠶᠠᠳᠤᠭᠠᠷ ᠤᠯᠠᠷᠢᠯ ᠤᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2025/4/24
    4 ᠰᠠᠷ᠎ᠠ ᠶᠢᠨ 21 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠤᠶᠠᠳᠤᠭᠠᠷ ᠤᠯᠠᠷᠢᠯ ᠤᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠬᠤᠷᠠᠯ ᠳᠤ ᠣᠷᠣᠯᠴᠠᠵᠠᠶ᠃    ᠬᠤᠷᠠᠯ ᠠᠴᠠ ᠪᠥᠬᠦ ᠬᠤᠰᠢᠭᠤᠨ ᠤ ᠣᠳᠣᠬᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠠᠮᠢ ᠠᠬᠤᠶ ᠶᠢᠨ ᠠᠮᠤᠷ ᠲᠦᠪᠰᠢᠨ ᠵᠡᠷᠭᠡ ᠭᠤᠤᠯᠳᠠᠯᠭ᠎ᠠ ᠲᠠᠢ ᠠᠵᠢᠯ ᠤᠨ ᠲᠠᠯ᠎ᠠ ᠪᠠᠷ ᠳᠠᠬᠢᠨ ᠲᠣᠬᠢᠷᠠᠭᠤᠯᠤᠨ  ᠪᠠᠶᠢᠷᠢᠯᠠᠭᠤᠯᠵᠡᠶ᠃    ᠬᠤᠷᠠᠯ ᠠᠴᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠶᠢ ᠵᠠᠩᠭᠢᠯᠠᠭ᠎ᠠ ᠶᠢᠨ ᠭᠠᠷᠳᠠᠴᠠ ᠪᠣᠯᠭᠠᠵᠤ᠂ ᠤᠷᠢᠳᠴᠢᠯᠠᠨ ᠪᠠᠶᠢᠷᠢᠰᠢᠭᠤᠯᠬᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠪᠠᠷᠢᠮᠲᠠᠯᠠᠵᠤ᠂ ᠲᠦᠷᠦᠯ ᠵᠦᠢᠯ ᠤᠨ ᠭᠠᠵᠠᠷ ᠰᠣᠩᠭᠤᠬᠤ ᠪᠠ ᠵᠢᠷᠤᠵᠤ ᠲᠥᠯᠥᠪᠯᠡᠬᠦ ᠠᠵᠢᠯ ᠢ ᠵᠡᠷᠭᠡᠪᠡᠷ ᠠᠬᠢᠭᠤᠯᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠯᠠᠪᠳᠠᠭᠤᠨ ᠪᠠᠲᠤᠲᠠᠢ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃    ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠤᠶᠤᠨᠲᠤ ᠵᠠᠰᠠᠭ ᠤᠨ  ᠲᠤᠭᠠᠴᠢᠯᠠᠭᠰᠠᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠲᠣᠭᠠᠴᠢᠯᠠᠭᠰᠠᠨ ᠴᠢᠳᠠᠪᠬᠢ ᠣᠯᠭᠤᠬᠤ ᠪᠠᠷ ᠳᠠᠮᠵᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠬᠢ ᠶᠢ ᠳᠡᠭᠡᠭᠰᠢᠯᠡᠭᠦᠯᠵᠦ᠂ ᠤᠯᠠᠨ ᠲᠦᠮᠡᠨ ᠪᠣᠯᠤᠨ ᠠᠵᠤ ᠠᠬᠤᠶᠢᠯᠠᠯ ᠤᠨ ᠬᠡᠷᠡᠭ ᠶᠠᠪᠤᠳᠠᠯ ᠰᠢᠢᠳᠪᠦᠷᠢᠯᠡᠬᠦ ᠳᠤ ᠨᠡᠩ ᠳᠥᠭᠦᠮ ᠳᠥᠲᠡ᠂ ᠥᠨᠳᠥᠷ ᠪᠦᠲᠦᠮᠵᠢᠲᠡᠢ ᠦᠢᠯᠡᠴᠢᠯᠡᠭᠡᠨ ᠤ ᠣᠶᠢᠯᠠᠭᠠᠯᠲᠠ ᠶᠢ ᠬᠠᠩᠭᠠᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠳᠤᠯᠠᠭᠠᠯᠠᠭ᠎ᠠ ᠶᠢᠨ ᠢᠨᠵᠧᠨᠧᠷᠢᠩ ᠰᠡᠭᠦᠯ ᠬᠤᠷᠢᠶᠠᠬᠤ ᠱᠠᠲᠤᠨ ᠳᠤ ᠣᠷᠣᠵᠤ᠂ ᠣᠯᠠᠨ ᠲᠦᠮᠡᠨ ᠤ ᠳᠤᠯᠠᠭᠠᠨ ᠪᠦᠯᠢᠶᠡᠨ ᠢᠶᠠᠷ ᠡᠪᠦᠯᠵᠢᠬᠦ ᠶᠢ ᠪᠠᠲᠤᠯᠠᠬᠤ ᠬᠡᠷᠡᠭᠲᠡᠶ᠃ ᠡᠮᠴᠢᠯᠡᠭᠡᠨ ᠤ ᠬᠦᠷᠢᠶᠡᠨ ᠤ ᠬᠠᠮᠢᠶ᠎ᠠ ᠪᠦᠬᠦᠢ ᠠᠵᠢᠯ ᠢ ᠦᠷᠭᠦᠯᠵᠢᠯᠡᠨ ᠴᠢᠩᠭᠠᠳᠬᠠᠵᠤ᠂ ᠡᠮᠴᠢᠯᠡᠭᠡᠨ ᠤ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠠᠬᠢᠭᠤᠯᠵᠤ᠂ ᠤᠯᠠᠨ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ ᠬᠡᠷᠡᠭᠲᠡᠢ᠃ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠵᠦᠢᠯᠡᠰ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠵᠤ᠂ ᠬᠤᠳᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃    ᠠᠮᠢ ᠠᠬᠤᠢ ᠶᠢᠨ ᠠᠮᠤᠷ ᠲᠦᠪᠰᠢᠨ ᠪᠣᠯ ᠬᠥᠭᠵᠢᠯᠲᠡ ᠶᠢᠨ ᠬᠤᠷᠢᠭ᠎ᠠ ᠱᠤᠭᠤᠮ ᠮᠥᠨ᠂ ᠤᠢ ᠰᠢᠭᠤᠢ ᠳᠤ ᠬᠤᠯᠪᠣᠭᠳᠠᠬᠤ᠂ ᠨᠠᠭᠤᠷ ᠴᠦᠬᠦᠷᠦᠮ ᠳᠤ ᠬᠤᠯᠪᠣᠭᠳᠠᠬᠤ᠂ ᠡᠪᠡᠰᠦ ᠪᠡᠯᠴᠢᠭᠡᠷ ᠲᠤ ᠬᠤᠯᠪᠣᠭᠳᠠᠬᠤ᠂ ᠲᠠᠷᠢᠶᠠᠯᠠᠬᠤ ᠳᠤ ᠬᠤᠯᠪᠣᠭᠳᠠᠬᠤ᠂ ᠠᠭᠤᠷᠬᠠᠢ ᠳᠤ ᠬᠤᠯᠪᠣᠭᠳᠠᠬᠤ ᠵᠡᠷᠭᠡ ᠬᠦᠷᠢᠶᠡᠨ ᠤ ᠠᠵᠢᠯ ᠢ ᠪᠦᠬᠦ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠪᠣᠯᠤᠨ ᠰᠡᠷᠭᠦᠭᠡᠯᠲᠡ ᠶᠢ ᠴᠢᠩᠭᠠᠳᠬᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠠᠮᠢ ᠠᠬᠤᠢ ᠶᠢᠨ ᠦᠷ᠎ᠡ ᠠᠰᠢᠭ ᠪᠣᠯᠤᠨ ᠠᠵᠤ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠬᠦ ᠬᠡᠷᠡᠭᠲᠡᠢ᠃ ᠡᠭᠦᠨ ᠤ ᠬᠠᠮᠲᠤ᠂ ᠶᠠᠷᠢᠶ᠎ᠠ ᠬᠡᠯᠡᠯᠴᠡᠭᠡᠨ ᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠨᠠᠨ ᠬᠡᠮᠵᠢᠬᠦ ᠪᠠ ᠬᠥᠲᠥᠯᠦᠨ ᠵᠢᠯᠣᠭᠤᠳᠬᠤ ᠶᠢ ᠴᠢᠩᠭᠠᠳᠬᠠᠨ᠂ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠬᠠᠮᠢᠶ᠎ᠠ ᠪᠥᠬᠦᠶ ᠤᠳᠤᠷᠢᠳᠤᠯᠭ᠎ᠠ᠂ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号