ᠡᠮᠤᠨᠡᠳᠤ ᠬᠤᠰᠢᠭᠤ ᠲᠦᠷᠦ ᠶᠢᠨ ᠪᠤᠳᠤᠯᠭ᠎ᠠ ᠶᠢ ᠤᠬᠠᠭᠤᠯᠤᠨ ᠳᠠᠶᠢᠯᠪᠤᠷᠢᠯᠠᠵᠤ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠬᠦᠴᠤᠯᠡᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2025/4/29
      ︽ᠪᠤᠯᠪᠠᠰᠤᠷᠠᠯ ᠳᠤ ᠤᠷᠤᠯᠴᠠᠬᠤ ᠪᠠᠷ ᠳᠠᠮᠵᠢᠨ ᠲᠤᠰᠬᠤᠨ ᠳᠤ ᠰᠠᠭᠤᠭ᠎ᠠ ᠨᠢᠭᠡᠳᠤᠭᠡᠷ ᠱᠦᠵᠢ ᠪᠤᠯᠤᠭᠰᠠᠨ ᠤ ᠬᠤᠪᠢ ᠳᠤ ᠲᠦᠷᠥ ᠶᠢᠨ ᠪᠤᠳᠤᠯᠭ᠎ᠠ ᠶᠢᠨ ᠤᠬᠠᠭᠤᠯᠤᠭᠴᠢ᠂ ᠨᠡᠩ ᠴᠤ ᠲᠦᠷᠥ ᠶᠢᠨ ᠪᠤᠳᠤᠯᠭ᠎ᠠ ᠶᠢᠨ ᠬᠡᠷᠡᠭᠵᠢᠬᠦᠯᠥᠭᠴᠢ ᠪᠤᠯᠵᠤ᠂ ᠲᠤᠰᠬᠤᠨ ᠤ ᠠᠷᠠᠳ ᠢ ᠲᠠᠶᠢᠴᠢᠯᠠᠨ ᠠᠵᠤ ᠦᠢᠯᠡᠰ ᠢ ᠬᠦᠭᠵᠢᠬᠦᠯᠵᠤ ᠤᠷᠤᠯᠭ᠎ᠠ ᠶᠢ ᠨᠢ ᠨᠡᠮᠡᠭᠳᠡᠬᠦᠯᠬᠦ ᠳᠤᠬᠠᠢ ᠬᠦᠨᠵᠡᠭᠡᠢ ᠤᠶᠢᠯᠠᠭᠠᠯᠳᠠ ᠲᠠᠢ ᠪᠤᠯᠵᠠᠢ︾ ᠭᠡᠵᠤ ᠡᠮᠤᠨᠡᠳᠤ ᠬᠤᠰᠢᠭᠤᠨ ᠤ ᠵᠢᠷᠤᠬᠡᠨ ᠪᠠᠯᠭᠠᠰᠤᠨ ᠤ ᠰᠢ ᠭᠸᠥ ᠲᠤᠰᠬᠤᠨ ᠤ ᠲᠤᠰᠬᠤᠨ ᠳᠤ ᠰᠠᠭᠤᠭ᠎ᠠ ᠨᠢᠭᠡᠳᠤᠭᠡᠷ ᠱᠦᠵᠢ ᠮᠠ ᠶᠠᠨ ᠪᠥᠸᠧ ᠶᠠᠷᠢᠨ᠎ᠠ᠃      ᠤᠷᠴᠢᠮ ᠤᠨ ᠬᠡᠳᠤᠨ ᠡᠳᠤᠷ᠂ ᠡᠮᠤᠨᠡᠳᠤ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠤᠨ ᠵᠤᠬᠢᠶᠠᠨ ᠪᠠᠶᠢᠭᠤᠯᠤᠭᠰᠠᠨ ᠨᠠᠮ ᠤᠨ ᠲᠦᠷᠥ ᠶᠢᠨ ᠪᠤᠳᠤᠯᠭ᠎ᠠ ᠶᠢ ᠤᠬᠠᠭᠤᠯᠬᠤ ᠪᠦᠯᠬᠦᠮ ᠤᠨ ᠬᠢᠨ ᠵᠢᠷᠤᠬᠡᠨ ᠪᠠᠯᠭᠠᠰᠤᠨ ᠳᠤ ᠬᠦᠷᠴᠤ᠂ ᠲᠦᠷᠥ ᠶᠢᠨ ᠪᠤᠳᠤᠯᠭ᠎ᠠ᠂ ᠪᠤᠳᠠᠳᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ ᠰᠡᠳᠬᠢᠴᠠ ᠪᠠ ᠠᠷᠭ᠎ᠠ ᠵᠠᠮ ᠢ ᠲᠠᠶᠢᠯᠪᠤᠷᠢᠯᠠᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠳᠤ ᠬᠦᠴᠤᠨ ᠨᠡᠮᠡᠷᠢᠯᠡᠪᠡ᠃      ᠡᠮᠤᠨᠡᠳᠤ ᠬᠤᠰᠢᠭᠤᠨ ᠤ ᠲᠦᠷᠥ ᠶᠢᠨ ᠪᠤᠳᠤᠯᠭ᠎ᠠ ᠤᠬᠠᠭᠤᠯᠬᠤ ᠪᠦᠯᠬᠦᠮ ᠨᠢ ᠲᠤᠰᠬᠠᠢ ᠮᠡᠷᠭᠡᠵᠢᠯᠳᠠᠨ᠂ ᠨᠠᠮ ᠤᠨ ᠭᠡᠰᠢᠬᠦᠨ ᠤᠳᠤᠷᠢᠳᠬᠤ ᠺᠠᠳ᠋ᠷ᠂ ᠮᠡᠷᠭᠡᠵᠢᠯ ᠤᠨ ᠭᠤᠤᠯᠯᠠᠭᠴᠢ ᠠᠵᠢᠯᠳᠠᠨ ᠵᠡᠷᠭᠡ 34 ᠬᠦᠮᠤᠨ ᠢᠶᠠᠷ ᠪᠦᠷᠢᠯᠳᠤᠵᠤ᠂ ᠰᠤᠷᠭᠠᠨ ᠬᠦᠮᠤᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠡᠮ ᠡᠮᠨᠡᠯᠭᠡ ᠵᠡᠷᠭᠡ 18 ᠬᠦᠷᠢᠶ᠎ᠠ ᠴᠠᠷᠠᠭᠠᠨ ᠠᠴᠠ ︽ᠲᠠ ᠲᠠᠩᠰᠠ ᠵᠠᠬᠢᠶᠠᠯᠠᠪᠠᠯ ᠪᠢ ᠮᠡᠷᠭᠡᠵᠢᠯ ᠬᠦᠷᠭᠡᠬᠦ︾ ᠤᠬᠠᠭᠤᠯᠭ᠎ᠠ ᠶᠢᠨ ᠬᠡᠯᠪᠡᠷᠢ ᠶᠢ ᠡᠬᠦᠳᠴᠤ᠂ ︽ᠱᠠᠭᠠᠷᠳᠠᠯᠭ᠎ᠠ ᠶᠢ ᠦᠨᠳᠤᠰᠤᠯᠡᠨ ᠲᠠᠩᠰᠠ ᠲᠤᠰᠴᠤ︾ ᠮᠡᠳᠡᠯᠭᠡ ᠮᠡᠷᠭᠡᠵᠢᠯ ᠬᠦᠷᠭᠡᠵᠤ ᠦᠭᠬᠦᠨ᠎ᠠ᠃      ᠡ᠊ᠨᠠ ᠵᠢᠯ ᠤᠨ ᠲᠦᠪ ᠤᠨ ᠨᠢᠭᠡᠳᠤᠭᠡᠷ ᠲᠤᠭᠠᠳᠤ ᠪᠢᠴᠢᠭ ᠮᠠᠲ᠋ᠧᠷᠢᠶᠠᠯ ᠢ ᠨᠡᠶᠢᠳᠡᠯᠡᠭᠰᠡᠨ ᠤ ᠲᠠᠷᠠᠭ᠎ᠠ᠂ ᠡᠮᠤᠨᠡᠳᠤ ᠬᠤᠰᠢᠭᠤ ︽2025 ᠤᠨ ᠤ ᠡᠮᠤᠨᠡᠳᠤ ᠬᠤᠰᠢᠭᠤᠨ ᠤ ᠨᠠᠮ ᠠᠴᠠ ︿ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ﹀ ᠢ ᠬᠠᠮᠢᠶᠠᠷᠬᠤ ᠬᠦᠭᠵᠢᠯᠳᠠ ᠶᠢ ᠠᠬᠢᠭᠤᠯᠬᠤ ᠵᠢᠰᠤᠨ ᠵᠤᠷᠪᠤᠰ ᠠᠷᠭ᠎ᠠ ᠠᠪᠴᠠᠯ︾ ᠢ ᠬᠡᠷᠡᠭᠵᠢᠬᠦᠯᠵᠤ᠂ ᠪᠦᠬᠦ ᠬᠤᠰᠢᠭᠤᠨ ᠤ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠳᠤ ᠬᠦᠴᠤᠳᠠᠢ ᠲᠦᠷᠥ ᠶᠢᠨ ᠪᠤᠳᠤᠯᠭ᠎ᠠ ᠶᠢᠨ ᠲᠤᠯᠭᠠᠭᠤᠷᠢᠯᠠᠯ ᠪᠠ ᠠᠵᠢᠯᠯᠠᠭᠠᠨ ᠤ ᠵᠦᠭᠯᠡᠬᠦᠷ ᠬᠠᠩᠭᠠᠵᠠᠢ᠃      ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠪᠣᠯᠤᠨ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠢᠢᠯᠠᠩ ᠤᠨ ᠬᠤᠷᠠᠯ᠂ ᠪᠠᠶᠢᠩᠭᠤ ᠶᠢᠨ ᠬᠤᠷᠠᠯ ᠠᠴᠠ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠤᠰᠤᠯᠠᠨ ᠡᠷᠬᠢᠯᠡᠵᠤ᠂ ᠲᠤᠭ᠎ᠠ ᠬᠡᠮᠵᠢᠶ᠎ᠠ ᠲᠤᠭᠳᠠᠭᠠᠬᠤ ᠦᠭᠡᠢ ᠪᠠᠶᠢᠵᠤ᠂ ᠠᠮᠢᠳᠤᠯᠢᠭ ᠪᠥᠭᠡᠳ ᠥᠨᠳᠥᠷ ᠪᠦᠲᠦᠮᠵᠢᠲᠡᠶ ᠬᠡᠷᠡᠭ ᠵᠥᠪᠯᠡᠬᠦ ᠠᠷᠭ᠎ᠠ ᠠᠪᠴᠠᠯ ᠵᠢᠴᠢ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠠ ᠶᠢᠨ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠰᠶᠢᠳᠪᠤᠷᠢᠯᠡᠬᠦ ᠪᠠᠷ ᠲᠤᠭᠳᠠᠵᠠᠢ᠃      ᠵᠢᠯ ᠤᠨ ᠡᠬᠢᠨ ᠳᠤ ᠲᠥᠯᠥᠪᠯᠡᠭᠡ ᠶᠢ ᠰᠣᠨᠣᠰᠴᠤ᠂ ᠵᠢᠯ ᠤᠨ ᠡᠴᠦᠰ ᠲᠤ ᠦᠷ᠎ᠡ ᠳ᠋ᠦᠩ ᠢ ᠨᠢ ᠦᠵᠡᠵᠦ᠂ ᠡᠯ᠎ᠡ ᠰᠤᠮᠤ ᠰᠢᠶᠠᠩ ᠪᠠᠯᠭᠠᠰᠤ ᠨᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠲᠣᠭᠤᠷᠢᠨ ᠳᠤ ᠲᠦᠷᠪᠡᠨ ᠵᠦᠢᠯ ᠤᠨ ᠭᠤᠣᠯᠳᠠᠯᠭ᠎ᠠ ᠲᠠᠢ ᠠᠵᠢᠯ ᠢ ᠲᠣᠭᠲᠠᠭᠠᠪᠠ᠃ ᠪᠦᠬᠦᠨ ᠢ ᠬᠠᠮᠤᠷᠬᠤ ᠬᠡᠯᠪᠡᠷᠢ ᠶᠢᠨ ᠪᠠᠶᠢᠴᠠᠭᠠᠨ ᠰᠤᠳᠤᠯᠤᠯᠲᠠ ᠬᠢᠵᠤ᠂ ᠪᠡᠶᠡᠯᠡᠭᠦᠯᠦᠭᠰᠡᠨ ᠪᠠᠶᠢᠳᠠᠯ ᠢ ᠰᠤᠮᠤ ᠰᠢᠶᠠᠩ ᠪᠠᠯᠭᠠᠰᠤ ᠶᠢᠨ ᠣᠨ ᠤ ᠪᠣᠳᠠᠲᠤ ᠠᠮᠵᠢᠯᠲᠠ ᠶᠢ ᠬᠢᠨᠠᠨ ᠰᠢᠯᠭᠠᠬᠤ᠂ ᠬᠤᠤᠰ ᠴᠢᠭᠯᠡᠯ ᠢᠶᠠᠷ ᠠᠵᠢᠯ ᠤᠨ ᠮᠡᠳᠡᠭᠦᠯᠦᠯᠲᠡ ᠬᠢᠬᠦ᠂ ᠰᠢᠯᠢᠳᠡᠭ ᠢ ᠦᠨᠡᠯᠡᠬᠦ ᠶᠢᠨ ᠴᠢᠬᠤᠯᠠ ᠦᠨᠳᠦᠰᠦᠯᠡᠯ ᠪᠣᠯᠭᠠᠵᠤ᠂ ᠪᠥᠬᠦ ᠬᠤᠰᠢᠭᠤᠨ ᠤ ᠬᠡᠪᠴᠢᠶᠡᠨ ᠳᠤ ᠠᠳᠠᠯᠢᠳᠬᠠᠨ ᠰᠤᠷᠤᠯᠴᠠᠬᠤ᠂ ᠰᠢᠯᠢᠳᠡᠭ ᠪᠤᠯᠬᠤ ᠪᠠᠷ ᠴᠢᠷᠮᠠᠶᠢᠬᠤ ᠤᠷᠴᠢᠨ ᠢ ᠪᠤᠢ ᠪᠤᠯᠭᠠᠵᠠᠢ᠃      ᠤᠳᠤᠬᠠᠨ ᠳᠤ᠂ ᠮᠠᠨ ᠤ ᠬᠤᠰᠢᠭᠤ ︽ᠡᠮᠤᠨᠡᠳᠤ ᠬᠤᠰᠢᠭᠤᠨ ᠤ ᠵᠢᠰᠦᠨ ᠵᠤᠷᠪᠤᠰ︾ ᠢᠶᠠᠷ ᠵᠢᠯᠤᠭᠤᠳᠤᠯᠭ᠎ᠠ ᠪᠣᠯᠭᠠᠵᠤ᠂ ᠡᠯ᠎ᠡ ᠲᠠᠯ᠎ᠠ ᠶᠢᠨ ᠬᠦᠴᠦᠨ ᠢᠶᠠᠨ ᠨᠢᠭᠲᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠥᠷᠨᠢᠯᠲᠡ ᠶᠢ ᠪᠤᠢ ᠪᠣᠯᠭᠠᠵᠤ᠂ ᠬᠥᠳᠡᠭᠡ ᠠᠵᠤ ᠠᠬᠤᠢ ᠬᠦᠴᠦᠷᠬᠡᠭᠵᠢᠭᠰᠡᠨ᠂ ᠬᠥᠳᠡᠭᠡ ᠲᠣᠰᠬᠤᠨ ᠭᠤᠶᠤᠵᠢᠭᠰᠠᠨ᠂ ᠲᠠᠷᠢᠶᠠᠴᠢᠨ ᠪᠠᠶᠠᠵᠢᠨ ᠴᠢᠨᠡᠭᠡᠯᠢᠭᠵᠢᠭᠰᠡᠨ ᠬᠠᠷᠠᠯᠳᠠ ᠲᠡᠶᠢᠰᠢ ᠬᠦᠴᠤᠯᠡᠨ ᠴᠢᠷᠮᠠᠶᠢᠵᠤ ᠪᠠᠶᠢᠨ᠎ᠠ᠃ ︵ᠰᠢᠨ ᠰᠢᠨ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号