| ᠤᠶᠢᠷ᠎ᠠ ᠶᠢᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠡᠮᠳᠡᠭᠴᠦᠳ ᠤᠨ | ᠬᠤᠯᠪᠣᠭ᠎ᠠ ᠶᠢᠨ ᠬᠢᠨ ᠪᠤᠷᠭᠠᠰᠤᠲᠠᠶ ᠰᠢᠶᠠᠩ ᠤᠨ ᠭᠧᠨ ᠵᠶᠢ ᠭᠸᠦ ᠲᠣᠰᠬᠤᠨ ᠳᠤ 2025 ᠣᠨ ᠤ ᠠᠩᠬᠠᠳᠤᠭᠠᠷ | ᠬᠤᠭᠤᠴᠠᠭᠠᠨ ᠤ ᠮᠠᠯᠵᠢᠬᠤ ᠳᠠᠷᠢᠶᠠᠯᠠᠬᠤ ᠣᠷᠣᠨ ᠤ ᠵᠡᠮᠳᠡᠭᠴᠦᠳ ᠤᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠤᠨ | ᠠᠩᠭᠢ ᠡᠷᠬᠢᠯᠡᠪᠡ᠃ ᠲᠣᠰ ᠤᠳᠠᠭᠠᠨ ᠤ ᠪᠣᠯᠪᠠᠰᠤᠷᠠᠯ ᠨᠢ 3 ᠡᠳᠦᠷ ᠤᠨ ᠬᠤᠭᠤᠴᠠᠭ᠎ᠠ ᠲᠠᠢ ᠶᠠᠪᠤᠬᠳᠠᠵᠦ᠂ 50 | ᠭᠠᠷᠤᠢ ᠠᠮᠢᠳᠤᠷᠠᠯ ᠨᠢ ᠬᠦᠴᠢᠷᠳᠡᠯᠲᠡᠶ ᠵᠡᠮᠳᠡᠭᠴᠦᠳ ᠪᠣᠯᠪᠠᠰᠤᠷᠠᠯ ᠳᠤ ᠣᠷᠣᠯᠴᠠᠵᠠᠶ᠃ | ᠲᠣᠰ ᠤᠳᠠᠭᠠᠨ ᠤ ᠪᠣᠯᠪᠠᠰᠤᠷᠠᠯ ᠳᠤ᠂ ᠬᠤᠰᠢᠭᠤ ᠰᠢᠶᠠᠩ ᠤᠨ ᠮᠠᠯ ᠠᠵᠤ ᠠᠬᠤᠶ ᠶᠢᠨ ᠲᠤᠰᠬᠠᠶ | ᠮᠡᠷᠭᠡᠵᠢᠯᠲᠡᠨ᠂ ᠮᠠᠯ ᠤᠨ ᠡᠮᠴᠢ ᠵᠢᠴᠢ ᠲᠡᠵᠢᠭᠡᠨ ᠦᠷᠡᠵᠢᠭᠦᠯᠬᠦ ᠲᠣᠮᠣ ᠡᠷᠦᠬᠡ ᠶᠢᠨ ᠬᠢᠨ ᠢ ᠤᠷᠢᠵᠤ᠂ ᠬᠡᠷ ᠤᠨ | ᠳᠡᠵᠢᠭᠡᠪᠦᠷᠢ ᠶᠢ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠬᠦᠯᠬᠦ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ | ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠬᠠᠮᠢᠶᠠᠷᠤᠯᠲᠠ ᠵᠡᠷᠭᠡ ᠠᠭᠤᠯᠭ᠎ᠠ ᠶᠢᠨ ᠳᠤᠭᠤᠷᠢᠨ ᠳᠤ ᠬᠢᠴᠢᠶᠡᠯ | ᠳᠠᠶᠢᠯᠤᠮᠵᠢ ᠦᠷᠨᠢᠬᠦᠯᠵᠠᠢ᠃ ᠪᠤᠯᠪᠠᠰᠤᠷᠠᠯ ᠨᠢ ᠣᠨᠣᠯ ᠤᠨ ᠲᠠᠶᠢᠯᠪᠤᠷᠢᠯᠠᠯᠲᠠ᠂ ᠦᠢᠯᠡᠳᠦᠯᠭᠡ ᠶᠢᠨ ᠠᠵᠢᠯᠯᠠᠭ᠎ᠠ᠂ | ᠬᠡᠷᠡᠭ ᠤᠨ ᠵᠢᠱᠢᠶ᠎ᠡ ᠶᠢ ᠵᠠᠳᠠᠯᠬᠤ᠂ ᠳᠤᠭᠤᠶᠢᠯᠠᠩ ᠤᠨ ᠶᠠᠷᠢᠯᠴᠠᠭ᠎ᠠ ᠵᠡᠷᠭᠡ ᠣᠯᠠᠨ ᠵᠦᠢᠯ ᠤᠨ ᠬᠡᠯᠪᠡᠷᠢ ᠶᠢ ᠬᠠᠷᠢᠯᠴᠠᠨ | ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠵᠡᠮᠳᠡᠭᠴᠤᠳ ᠤᠨ ᠪᠣᠯᠪᠠᠰᠤᠷᠠᠯ ᠤᠨ ᠠᠭᠤᠯᠭ᠎ᠠ ᠶᠢ ᠪᠥᠬᠦ ᠲᠠᠯ᠎ᠠ ᠪᠠᠷ | ᠂ ᠭᠦᠨᠵᠡᠭᠡᠶ ᠡᠵᠡᠮᠰᠢᠬᠦ ᠶᠢ ᠦᠨᠡᠨᠬᠦ ᠪᠠᠲᠤᠯᠠᠪᠠ᠃ | ᠡᠮᠦᠨᠡᠳᠦ ᠬᠤᠰᠢᠭᠤᠨ ᠤ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠠᠴᠠ ᠪᠠᠰᠠ ᠪᠣᠯᠪᠠᠰᠤᠷᠠᠯ ᠳᠤ | ᠣᠷᠣᠯᠴᠠᠭᠰᠠᠨ ᠵᠡᠮᠳᠡᠭᠴᠤᠳ ᠨᠢᠭᠡᠪᠦᠷᠢ ᠳᠤ 70 ᠳᠠᠬᠢᠶᠠᠨ ᠴᠤᠷᠪᠠᠭ᠎ᠠ ᠬᠦᠷᠭᠡᠵᠦ᠂ ᠠᠮᠢᠳᠤᠷᠠᠯ ᠬᠦᠴᠢᠷᠳᠠᠯᠳᠠᠢ | ᠵᠡᠮᠳᠡᠭᠴᠦᠳ ᠤᠨ ᠠᠵᠦ ᠠᠬᠤᠢ ᠶᠢᠨ ᠳᠠᠷᠤᠭᠠᠰᠦ ᠶᠢ ᠬᠥᠩᠭᠡᠷᠡᠭᠦᠯᠪᠡ᠂ ᠮᠦᠨ ᠴᠤ ᠬᠤᠷᠢᠶᠠᠨ ᠠᠪᠬᠤ | ᠲᠣᠭᠲᠠᠴᠠ ᠶᠢ ᠭᠡᠷᠡᠭᠵᠢᠬᠦᠯᠵᠦ᠂ ᠵᠡᠮᠳᠡᠭᠴᠤᠳ ᠠᠷᠠᠴᠢᠯᠠᠵᠦ ᠲᠡᠵᠢᠬᠡᠭᠰᠡᠨ ᠤ ᠳᠠᠷᠠᠭ᠎ᠠ ᠬᠤᠰᠢᠭᠤᠨ ᠤ | ᠵᠡᠮᠳᠡᠭᠴᠦᠳ ᠤᠨ ᠬᠤᠯᠪᠣᠭ᠎ᠠ ᠠᠴᠠ ᠨᠢᠭᠡᠳᠦᠯᠲᠡᠶ ᠬᠤᠷᠢᠶᠠᠨ ᠠᠪᠴᠤ᠂ ᠪᠣᠷᠣᠯᠠᠭᠤᠯᠭ᠎ᠠ ᠶᠢᠨ ᠵᠠᠮ ᠢ ᠪᠠᠳᠤᠯᠠᠬᠤ | ᠪᠤᠯᠤᠨ᠎ᠠ᠃ | ᠳᠠᠷᠠᠭᠠᠴᠢ ᠪᠠᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠡᠮᠳᠡᠭᠴᠦᠳ ᠤᠨ | ᠬᠤᠯᠪᠣᠭ᠎ᠠ ᠶᠢᠨ ᠬᠢᠨ ︽ᠵᠢᠷᠭᠤᠭᠠᠨ ᠠᠵᠢᠯᠯᠠᠭ᠎ᠠ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠡᠮᠳᠡᠭᠴᠦᠳ ᠤᠨ | ᠠᠵᠢᠯ ᠣᠯᠵᠤ ᠦᠢᠯᠡᠰ ᠪᠤᠰᠬᠠᠬᠤ ᠶᠢ ᠠᠬᠢᠭᠤᠯᠬᠤ ᠠᠵᠢᠯᠯᠠᠭ᠎ᠠ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ | ᠂ ᠵᠠᠬ᠎ᠠ ᠳᠡᠯᠭᠡᠭᠦᠷ ᠤᠨ ᠬᠡᠷᠡᠭᠴᠡᠭᠡ ᠪᠣᠯᠤᠨ ᠵᠡᠮᠳᠡᠭᠴᠦᠳ ᠤᠨ ᠪᠣᠳᠠᠲᠤ ᠪᠠᠶᠢᠳᠠᠯ ᠢ ᠦᠨᠳᠦᠰᠦᠯᠡᠨ᠂ ᠲᠠᠷᠢᠮᠠᠯ ᠤᠨ | ᠮᠡᠷᠭᠡᠵᠢᠯ᠂ ᠭᠠᠷ ᠤᠷᠠᠯᠠᠯ ᠵᠡᠷᠭᠡ ᠶᠢ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠲᠤᠬᠢᠷᠠᠭᠰᠠᠨ | ᠨᠡᠩ ᠤᠯᠠᠨ ᠤᠨᠴᠠᠯᠢᠭᠳᠤ ᠪᠣᠯᠪᠠᠰᠤᠷᠠᠯ ᠤᠨ ᠬᠢᠴᠢᠶᠡᠯ ᠨᠡᠭᠡᠭᠡᠵᠦ᠂ ᠵᠡᠮᠳᠡᠭᠴᠦᠳ ᠤᠨ ᠣᠷᠣᠯᠭ᠎ᠠ ᠪᠠᠨ ᠨᠡᠮᠡᠭᠳᠡᠭᠦᠯᠬᠦ | ᠠᠷᠭ᠎ᠠ ᠵᠠᠮ ᠢ ᠥᠷᠭᠡᠳᠭᠡᠬᠦ ᠪᠤᠯᠤᠨ᠎ᠠ᠃ ︵ᠾᠧ ᠴᠠᠩ ᠰᠢᠦ︶ |