| 4 ᠰᠠᠷ᠎ᠠ ᠶᠢᠨ 24 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ | ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ | ᠂ ᠬᠤᠰᠢᠭᠤᠨ ᠳᠠᠷᠤᠭ᠎ᠠ ᠯᠢᠦ ᠬᠠᠶ ᠲᠤᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠ ᠪᠥᠸᠧ ᠵᠢᠴᠢ ᠪᠤᠰᠤᠳ ᠣᠨᠣᠯ ᠰᠤᠷᠤᠯᠴᠠᠬᠤ ᠭᠤᠤᠯ | ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ | ᠲᠠᠯᠪᠢᠵᠠᠢ᠃ | ᠬᠤᠷᠠᠯ ᠠᠴᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠵᠠᠩᠭᠢᠯᠠᠭ᠎ᠠ ᠨᠢ ᠤᠳᠤᠷᠢᠳᠬᠤ | ᠺᠠᠳ᠋ᠷᠴᠤᠳ ᠲᠤ ᠪᠤᠢ᠂ ᠣᠨᠴᠠ ᠡᠷᠬᠡ ᠶᠢᠨ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠲᠠᠶᠠᠭᠳᠠᠵᠤ᠂ ᠦᠵᠡᠯ | ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠬᠡᠷᠡᠭᠲᠡᠢ᠃ ᠠᠯᠪᠠᠨ ᠤ ᠪᠠ ᠬᠤᠪᠢ ᠶᠢᠨ ᠬᠠᠷᠢᠴᠠᠭ᠎ᠠ ᠶᠢ | ᠲᠥᠪ ᠪᠣᠯᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠤᠨ ᠳᠤᠮᠳᠠ ᠵᠥᠪ ᠣᠨᠣᠪᠴᠢᠲᠠᠢ ᠡᠷᠬᠡ ᠶᠢᠨ ᠦᠵᠡᠯᠲᠡ᠂ ᠠᠵᠢᠯ ᠦᠢᠯᠡᠰ ᠤᠨ | ᠦᠵᠡᠯᠲᠡ ᠶᠢ ᠤᠯᠠᠮ ᠨᠢᠭᠡ ᠠᠯᠬᠤᠮ ᠪᠠᠲᠤᠳᠬᠠᠵᠤ᠂ ᠤᠯᠠᠨ ᠲᠦᠮᠡᠨ ᠢ ᠰᠡᠳᠬᠢᠯ ᠳᠡᠭᠡᠨ ᠪᠤᠳᠤᠵᠦ᠂ ᠨᠢᠭᠡ | ᠰᠡᠳᠬᠢᠯ ᠢᠶᠠᠷ ᠨᠡᠶᠢᠲᠡ ᠶᠢᠨ ᠲᠥᠯᠥᠭᠡ ᠵᠢᠳᠬᠦᠵᠦ᠂ ᠦᠨᠡᠨᠴᠢ ᠴᠠᠭᠠᠪᠤᠷ ᠢᠶᠠᠷ ᠠᠵᠢᠯᠯᠠᠵᠤ᠂ ᠡᠷᠬᠡ ᠪᠠᠨ ᠬᠡᠷᠰᠡᠦ | ᠪᠣᠯᠭᠤᠮᠵᠢᠲᠠᠢ ᠬᠡᠷᠡᠭᠯᠡᠵᠦ᠂ ᠡᠩ ᠤᠨ ᠨᠠᠮ ᠤᠨ ᠭᠡᠰᠢᠭᠦᠨ ᠺᠠᠳ᠋ᠷᠴᠤᠳ ᠲᠤ ᠢᠯᠡ ᠲᠣᠳᠣ ᠵᠣᠭᠰᠣᠯᠲᠠ | ᠤᠳᠤᠷᠢᠳᠤᠮᠵᠢ ᠶᠢ ᠪᠤᠢ ᠪᠣᠯᠭᠠᠬᠤ ᠬᠡᠷᠡᠭᠲᠡᠢ᠃ ᠡᠮᠦᠨ᠎ᠡ ᠨᠢ ᠭᠠᠪᠰᠢᠭᠠᠶᠢᠯᠠᠨ ᠠᠵᠢᠯᠯᠠᠵᠤ᠂ ᠲᠦᠷᠦᠭᠦᠯᠡᠨ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢᠶᠠᠷ ᠠᠵᠠ | ᠲᠣᠬᠢᠶᠠᠯ ᠪᠣᠯᠭᠠᠵᠤ᠂ ︽ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ︾ ᠶᠢ ᠨᠢᠭᠡ ᠴᠤᠭᠴᠠᠵᠢᠭᠤᠯᠤᠨ ᠠᠬᠢᠭᠤᠯᠬᠤ ᠶᠢ | ᠪᠠᠷᠢᠮᠲᠠᠯᠠᠬᠤ ᠬᠡᠷᠡᠭᠲᠡᠢ᠃ ᠪᠥᠬᠦ ᠬᠤᠰᠢᠭᠤᠨ ᠳᠤ ︽ᠨᠢᠭᠡ ᠭᠤᠤᠯ ᠰᠢᠵᠢᠮ ᠢ ᠪᠥᠬᠦ ᠲᠠᠯ᠎ᠠ ᠪᠠᠷ ᠲᠤᠭᠤᠰᠢᠯᠠᠭᠤᠯᠤᠨ᠂ | ︿ᠬᠤᠶᠠᠷ ᠶᠡᠭᠡ ᠶᠠᠪᠤᠳᠠᠯ﹀ ᠢ ᠦᠷᠭᠦᠯᠵᠢᠯᠡᠨ ᠰᠠᠶᠢᠲᠤᠷ ᠬᠢᠵᠦ᠂ ︿ᠵᠢᠷᠭᠤᠭᠠᠨ ᠢᠨᠵᠧᠨᠧᠷᠢᠩ﹀ ᠢ ᠦᠷᠭᠦᠯᠵᠢᠯᠡᠨ | ᠬᠡᠷᠡᠭᠵᠢᠭᠦᠯᠵᠦ᠂ ︿ᠵᠢᠷᠭᠤᠭᠠᠨ ᠠᠵᠢᠯᠯᠠᠭ᠎ᠠ﹀ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︿ᠲᠠᠪᠤᠨ ᠨᠢᠭᠡᠳᠦᠭᠡᠷ﹀ | ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠨ᠂ ︿ᠮᠣᠩᠭᠤᠯ ᠮᠣᠷᠢᠨ ᠤ ᠵᠣᠷᠢᠭ ᠰᠠᠨᠠᠭ᠎ᠠ﹀ ᠪᠠᠷ ᠪᠥᠬᠦ ᠬᠤᠰᠢᠭᠤᠨ ᠤ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ︾ ᠵᠠᠩᠭᠢᠯᠠᠭ᠎ᠠ ᠶᠢᠨ | ᠬᠤᠭᠤᠴᠠᠭᠠᠨ ᠳᠤ᠂ ᠪᠡᠶ᠎ᠡ ᠪᠠᠷ ᠢᠶᠠᠨ ᠲᠦᠷᠦᠭᠦᠯᠡᠨ ᠢᠲᠡᠭᠡᠯ ᠵᠣᠷᠢᠭ ᠢᠶᠠᠨ ᠬᠥᠪᠴᠢᠯᠡᠵᠦ᠂ ᠡᠭᠦᠷᠭᠡ | ᠬᠠᠷᠢᠭᠤᠴᠠᠯᠭ᠎ᠠ ᠪᠠᠨ ᠡᠭᠦᠷᠭᠡᠯᠡᠨ ᠠᠵᠢᠯ ᠶᠠᠪᠤᠳᠠᠯ ᠬᠢᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠴᠥᠬᠦᠷᠡᠰᠢ ᠥᠬᠡᠶ ᠨᠠᠶᠢᠳᠠᠪᠤᠷᠢᠵᠢᠭᠤᠯᠤᠨ᠂ ᠰᠢᠯᠢᠳᠡᠭ ᠰᠤᠷᠲᠠᠯ ᠢᠶᠠᠷ ᠢᠶᠠᠨ ᠴᠢᠨᠠᠷ ᠰᠠᠶᠢᠲᠠᠶ ᠬᠥᠭᠵᠢᠯᠲᠡ ᠳᠤ ᠪᠠᠲᠤ | ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃ |