| 4 ᠰᠠᠷ᠎ᠠ ᠶᠢᠨ 25 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠲᠠᠪᠢᠳᠤᠭᠠᠷ ᠤᠳᠠᠭᠠᠨ ᠤ ᠪᠠᠶᠢᠩᠭᠤ ᠶᠢᠨ ᠬᠤᠷᠠᠯ | ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ | ᠬᠤᠷᠠᠯ ᠳᠤ ᠣᠷᠣᠯᠴᠠᠵᠠᠶ᠃ ᠬᠤᠰᠢᠭᠤᠨ ᠤ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ | ᠪᠥᠬᠦᠶ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠤᠨ ᠲᠤᠬᠠᠢ | ᠲᠤᠷᠠᠳᠤᠭᠰᠠᠨ ᠴᠢᠬᠤᠯᠠ ᠵᠢᠭᠠᠪᠤᠷᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ | ᠤᠨ 3 ᠰᠠᠷ᠎ᠠ ᠶᠢᠨ 31 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶᠠᠨ ᠤ ᠬᠤᠷᠠᠯ ᠬᠤᠷᠠᠯᠳᠤᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠠᠢ᠃ ︽ᠸᠧᠶ ᠯᠠᠨ ᠠᠮᠢ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ | ᠬᠤᠲᠠ ᠶᠢᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠰᠢᠢᠳᠪᠤᠷᠢᠯᠡᠬᠦ ᠰᠦᠢᠳᠭᠡᠯ ᠬᠤᠷᠢᠶᠠᠬᠤ ᠪᠠᠷᠢᠮᠵᠢᠶ᠎ᠠ | ︵ᠲᠤᠷᠰᠢᠨ ᠬᠡᠷᠡᠭᠵᠢᠭᠦᠯᠬᠦ︶︾ ︽ᠰᠢᠩ ᠴᠧᠩ ᠨᠡᠶᠢᠲᠡ ᠶᠢᠨ ᠮᠠᠰᠢᠨ ᠳᠡᠷᠭᠡᠨ ᠤ ᠪᠦᠷᠢᠨ ᠪᠤᠰᠤ ᠬᠠᠷᠢᠭᠤᠴᠠᠯᠭᠠᠲᠤ | ᠺᠣᠮᠫᠠᠨᠢ ᠶᠢᠨ ᠨᠡᠶᠢᠲᠡ ᠶᠢᠨ ᠮᠠᠰᠢᠨ ᠲᠡᠷᠭᠡᠨ ᠤ ᠪᠢᠯᠧᠲ ᠤᠨ ᠦᠨ᠎ᠡ ︵ᠲᠤᠷᠰᠢᠨ ᠬᠡᠷᠡᠭᠵᠢᠭᠦᠯᠬᠦ︶︾ ︽ᠬᠤᠰᠢᠭᠤᠨ | ᠤ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠷᠠᠯᠵᠢᠶᠠᠴᠢᠨ ᠤᠷᠢᠵᠤ ᠪᠠᠯᠠ ᠮᠦᠩᠭᠦ ᠤᠷᠤᠭᠤᠯᠤᠨ ᠠᠪᠴᠢᠷᠠᠬᠤ | ᠶᠢ ᠭᠥᠯᠢᠶᠡᠨ ᠠᠪᠬᠤ ᠬᠠᠮᠢᠶᠠᠷᠤᠯᠲᠠ ᠶᠢᠨ ᠠᠷᠭ᠎ᠠ ︵ᠬᠢᠨᠠᠨ ᠵᠥᠪᠯᠡᠬᠦ ᠨᠣᠤᠷᠠᠭ︶︾ ︽ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠰᠦᠯᠵᠢᠶ᠎ᠡ ᠪᠠᠷ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ | ᠦᠢᠯᠡᠴᠢᠯᠡᠭᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ︾᠂ 2025 ᠣᠨ ᠤ ᠵᠠᠮ ᠬᠠᠷᠢᠯᠴᠠᠭᠠᠨ ᠤ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠬᠢᠯᠡᠭᠦᠯᠬᠦ ᠵᠡᠷᠭᠡ ᠵᠦᠢᠯᠡᠰ ᠢ ᠰᠤᠳᠤᠯᠤᠨ ᠬᠢᠨᠠᠨ ᠵᠥᠪᠯᠡᠪᠡ᠃ | ᠬᠤᠷᠠᠯ ᠠᠴᠠ᠂ ᠡᠯ᠎ᠡ ᠵᠦᠢᠯ ᠤᠨ ᠬᠢᠨᠠᠨ ᠵᠥᠪᠯᠡᠬᠦ ᠠᠭᠤᠯᠭ᠎ᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ | ᠠᠷᠠᠳ ᠤᠨ ᠠᠮᠢᠳᠤᠷᠠᠯ ᠤᠨ ᠬᠦᠷᠢᠶᠡᠨ ᠳᠤ ᠬᠤᠯᠪᠣᠭᠳᠠᠭᠰᠠᠨ ᠬᠤᠳᠠ ᠶᠢᠨ ᠲᠣᠭᠤᠷᠢᠭ ᠤᠨ ᠠᠮᠢᠳᠤᠷᠠᠯ ᠤᠨ ᠬᠤᠭ | ᠨᠣᠪᠰᠢ ᠶᠢ ᠰᠢᠢᠳᠪᠦᠷᠢᠯᠡᠬᠦ ᠰᠦᠢᠳᠬᠡᠯ ᠬᠤᠷᠢᠶᠠᠬᠤ ᠪᠠᠷᠢᠮᠵᠢᠶ᠎ᠠ᠂ ᠨᠡᠶᠢᠲᠡ ᠶᠢᠨ ᠮᠠᠰᠢᠨ ᠲᠡᠷᠭᠡᠨ ᠤ ᠪᠢᠯᠧᠲ ᠤᠨ | ᠦᠨ᠎ᠡ ᠵᠡᠷᠭᠡ ᠳᠤ ᠤᠯᠠᠨ ᠲᠦᠮᠡᠨ ᠤ ᠠᠰᠢᠭ ᠲᠤᠰᠠ ᠶᠢ ᠦᠨᠡᠨ ᠬᠦ ᠪᠠᠲᠤᠯᠠᠵᠤ᠂ ᠲᠦᠷᠦ ᠶᠢᠨ ᠪᠤᠳᠤᠯᠭ᠎ᠠ ᠶᠢ | ᠲᠠᠶᠢᠯᠪᠤᠷᠢᠯᠠᠬᠤ ᠪᠠ ᠤᠬᠠᠭᠤᠯᠬᠤ ᠠᠵᠢᠯ ᠢ ᠰᠠᠶᠢᠲᠤᠷ ᠬᠢᠵᠦ᠂ ᠬᠤᠯᠪᠣᠭᠳᠠᠯ ᠪᠦᠬᠦᠢ ᠪᠠᠷᠢᠮᠵᠢᠶ᠎ᠠ ᠶᠢᠨ ᠵᠦᠢ | ᠵᠣᠬᠢᠰᠲᠠᠢ᠂ ᠡᠷᠬᠡ ᠲᠡᠭᠰᠢ ᠪᠥᠭᠡᠳ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠪᠠ ᠣᠶ ᠰᠢᠭᠤᠶ ᠨᠤᠳᠤᠭ ᠪᠡᠯᠴᠢᠭᠡᠷ ᠤᠨ ᠬᠠᠮᠠᠭᠠᠯᠠᠯᠲᠠ ᠶᠢ | ᠴᠢᠩᠭᠠᠳᠬᠠᠨ᠂ ᠬᠠᠤᠯᠢ ᠲᠣᠭᠲᠠᠭᠠᠯ ᠶᠣᠰᠣᠭᠠᠷ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠶᠢ ᠴᠢᠩᠭ᠎ᠠ | ᠵᠢᠷᠤᠮᠵᠢᠭᠤᠯᠵᠤ᠂ ᠠᠮᠢ ᠠᠬᠤᠶ ᠶᠢᠨ ᠤᠯᠠᠭᠠᠨ ᠱᠤᠭᠤᠮ ᠤᠨ ᠳᠣᠲᠣᠷ᠎ᠠ ᠬᠠᠤᠯᠢ ᠲᠣᠭᠲᠠᠭᠠᠯ ᠠᠴᠠ ᠵᠥᠷᠢᠴᠡᠨ | ᠭᠠᠵᠠᠷ ᠡᠵᠡᠯᠡᠬᠦ ᠪᠠ ᠮᠠᠲ᠋ᠧᠷᠢᠶᠠᠯ ᠢ ᠳᠤᠷ᠎ᠠ ᠪᠠᠷ ᠢᠶᠠᠨ ᠬᠡᠷᠡᠭᠯᠡᠬᠦ ᠪᠠᠶᠢᠳᠠᠯ ᠡᠭᠦᠰᠬᠦ ᠶᠢ ᠲᠠᠰᠤ ᠬᠤᠷᠢᠭᠯᠠᠵᠤ᠂ ᠭᠠᠵᠠᠷ | ᠰᠢᠷᠣᠶ ᠶᠢ ᠳᠠᠬᠢᠨ ᠬᠠᠭᠠᠯᠪᠤᠷᠢᠯᠠᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃ ᠬᠦᠯᠢᠶᠡᠨ ᠠᠪᠬᠤ | ᠠᠵᠢᠯᠯᠠᠭ᠎ᠠ ᠶᠢ ᠤᠯᠠᠮ ᠨᠢᠭᠡ ᠠᠯᠬᠤᠮ ᠴᠢᠩᠭ᠎ᠠ ᠵᠢᠷᠤᠮᠵᠢᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠨᠡᠩ ᠢᠯᠡ ᠲᠣᠳᠣ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠤᠳᠠᠯᠳᠤᠭ᠎ᠠ | ᠡᠷᠬᠢᠯᠡᠬᠦ ᠣᠷᠴᠢᠨ ᠨᠦᠬᠦᠴᠡᠯ ᠢ ᠪᠤᠢ ᠪᠣᠯᠭᠠᠬᠤ ᠬᠡᠷᠡᠭᠲᠡᠢ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠡᠮ ᠡᠮᠨᠡᠯᠭᠡ ᠶᠢᠨ ᠬᠦᠷᠢᠶᠡᠨ ᠳᠠᠬᠢ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠡᠮᠨᠡᠯᠭᠡ ᠶᠢᠨ ᠬᠤᠷᠢᠶᠠᠨ ᠤ | ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠤᠨ᠂ ᠡᠮ ᠡᠮᠨᠡᠯᠭᠡ ᠶᠢᠨ ᠪᠠᠲᠤᠯᠠᠭ᠎ᠠ ᠶᠢᠨ ᠲᠦᠪᠰᠢᠨ ᠢ ᠪᠦᠭᠦ ᠲᠠᠯ᠎ᠠ | ᠪᠠᠷ ᠳᠡᠭᠡᠭᠰᠢᠯᠡᠬᠦᠯᠬᠦ ᠭᠡᠷᠡᠭᠳᠡᠢ᠃ ᠰᠦᠯᠵᠢᠶ᠎ᠡ ᠪᠠᠷ ᠲᠡᠷᠭᠡ ᠪᠣᠯᠵᠣᠬᠤ ᠬᠠᠮᠢᠶ᠎ᠠ ᠪᠥᠬᠦᠶ ᠠᠵᠢᠯ ᠢ ᠡᠮᠬᠢ ᠵᠢᠷᠤᠮ ᠲᠠᠢ | ᠠᠬᠢᠭᠤᠯᠵᠤ᠂ ᠨᠡᠶᠢᠭᠡᠮ ᠤᠨ ᠲᠣᠭᠲᠠᠭᠤᠨ ᠬᠢᠭᠡᠳ ᠲᠥᠷᠥ ᠶᠢᠨ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠢ | ᠪᠠᠲᠤᠯᠠᠨ᠂ ᠰᠦᠯᠵᠢᠶ᠎ᠡ ᠪᠠᠷ ᠲᠡᠷᠭᠡ ᠪᠣᠯᠵᠣᠬᠤ ᠵᠠᠬ᠎ᠠ ᠳᠡᠯᠭᠡᠭᠦᠷ ᠤᠨ ᠡᠷᠡᠭᠦᠯ ᠪᠥᠭᠡᠳ ᠡᠮᠬᠢ ᠵᠢᠷᠤᠮ ᠲᠠᠢ | ᠬᠥᠭᠵᠢᠬᠦ ᠶᠢ ᠠᠬᠢᠭᠤᠯᠬᠤ ᠬᠡᠷᠡᠭᠲᠡᠶ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠪᠠᠨ ᠴᠢᠩᠭᠠᠳᠬᠠᠵᠤ᠂ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠬᠡᠷᠡᠭᠵᠢᠭᠦᠯᠦᠯᠲᠡ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠵᠢᠭᠤᠯᠴᠢᠯᠠᠯ ᠤᠨ ᠬᠥᠭᠵᠢᠯᠲᠡᠶ ᠤᠯᠠᠷᠢᠯ | ᠬᠦᠷᠴᠦ ᠢᠷᠡᠬᠦ ᠠᠴᠠ ᠡᠮᠦᠨ᠎ᠡ ᠪᠠᠷᠢᠯᠭ᠎ᠠ ᠳᠠᠭᠤᠰᠴᠤ ᠲᠡᠷᠭᠡ ᠨᠡᠪᠲᠡᠷᠡᠬᠦ ᠶᠢ ᠦᠨᠡᠨ ᠬᠦ ᠪᠠᠲᠤᠯᠠᠵᠤ᠂ | ᠵᠢᠭᠤᠯᠴᠢᠯᠠᠯ ᠤᠨ ᠵᠠᠮ ᠬᠠᠷᠢᠯᠴᠠᠭᠠᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠣᠶ ᠰᠢᠭᠤᠶ | ᠨᠤᠳᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ | ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ᠂ ᠣᠶ ᠰᠢᠭᠤᠶ ᠨᠤᠳᠤᠭ ᠪᠡᠯᠴᠢᠭᠡᠷ ᠤᠨ ᠡᠬᠢ | ᠪᠠᠶᠠᠯᠢᠭ ᠢ ᠡᠪᠳᠡᠵᠦ ᠰᠦᠢᠳᠭᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠬᠦ ᠬᠡᠷᠡᠭᠲᠡᠶ ᠭᠡᠵᠦ ᠴᠢᠬᠤᠯᠠᠴᠢᠯᠠᠪᠠ᠃ |