ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠣᠶ ᠰᠢᠭᠤᠶ ᠨᠤᠳᠤᠭ ᠪᠡᠯᠴᠢᠭᠡᠷ ᠢ ᠡᠪᠳᠡᠵᠦ ᠰᠦᠢᠳᠭᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2025/4/30
       4 ᠰᠠᠷ᠎ᠠ ᠶᠢᠨ 28 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠣᠶ ᠰᠢᠭᠤᠶ ᠨᠤᠳᠤᠭ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠪᠠ᠃ ᠬᠤᠷᠠᠯ ᠠᠴᠠ ᠣᠳᠣᠬᠠᠨ ᠤ ᠪᠥᠬᠦ ᠬᠤᠰᠢᠭᠤᠨ ᠤ ᠣᠶ ᠰᠢᠭᠤᠶ ᠨᠤᠳᠤᠭ ᠪᠡᠯᠴᠢᠭᠡᠷ ᠢ ᠡᠪᠳᠡᠵᠦ ᠰᠦᠢᠳᠭᠡᠭᠰᠡᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠳᠠᠯ ᠢ ᠭᠦᠨᠵᠡᠭᠡᠶ ᠵᠠᠳᠠᠯᠵᠤ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠡᠭᠦᠷᠭᠡ ᠶᠢ ᠪᠥᠬᠦ ᠲᠠᠯ᠎ᠠ ᠪᠠᠷ ᠪᠠᠶᠢᠷᠢᠯᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠬᠤᠷᠠᠯ ᠳᠤ ᠣᠷᠣᠯᠴᠠᠵᠠᠶ᠃    ᠬᠤᠷᠠᠯ ᠠᠴᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠶ ᠰᠢᠭᠤᠶ ᠨᠤᠳᠤᠭ ᠪᠡᠯᠴᠢᠭᠡᠷ ᠢ ᠡᠪᠳᠡᠵᠦ ᠰᠦᠢᠳᠭᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠣᠳᠣᠬᠠᠨ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠶᠠᠷᠢᠯᠴᠠᠵᠠᠶ᠃ ᠯᠢᠦ ᠬᠠᠶ ᠲᠤᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠲᠦᠷᠭᠡᠳᠬᠡᠨ ᠠᠬᠢᠭᠤᠯᠵᠤ᠂ ᠴᠠᠭ ᠤᠨ ᠬᠢᠵᠠᠭᠠᠷ᠂ ᠥᠨᠳᠥᠷ ᠪᠠᠷᠢᠮᠵᠢᠶ᠎ᠠ ᠪᠠᠷ ᠴᠡᠭᠴᠡᠯᠡᠨ ᠵᠠᠰᠠᠬᠤ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠮᠡᠷᠭᠡᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠵᠤ᠂ ᠡᠯ᠎ᠡ ᠭᠠᠵᠠᠷ ᠤᠨ ᠬᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠠ ᠠᠮᠢ ᠠᠬᠤᠶ ᠶᠢ ᠰᠡᠷᠭᠦᠭᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠥᠷᠨᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃    ᠯᠢᠦ ᠬᠠᠶ ᠲᠤᠤ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠢᠨ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠳᠬᠠᠨ᠂ ᠬᠦᠴᠦᠲᠡᠶ ᠰᠦᠷᠳᠡᠭᠦᠯᠦᠯ ᠢ ᠪᠣᠶ ᠪᠣᠯᠭᠠᠵᠤ᠂ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠬᠡᠷᠡᠭ ᠲᠤ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠤᠷᠢᠯᠡᠵᠦ᠂ ᠶᠠᠭᠠᠬᠢᠭᠰᠠᠨ ᠴᠤ ᠢᠯᠳᠠᠷ ᠬᠠᠶᠠᠵᠤ ᠪᠣᠯᠬᠤ ᠥᠬᠡᠶ᠂ ᠰᠢᠨ᠎ᠡ ᠪᠠᠷ ᠨᠡᠮᠡᠭᠳᠡᠬᠦ ᠠᠰᠠᠭᠤᠳᠠᠯ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠶ᠃ ᠡᠬᠢ ᠡᠭᠦᠰᠦᠯ ᠠᠴᠠ ᠨᠢ ᠬᠠᠮᠢᠶᠠᠷᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠢᠯᠡᠷᠡᠭᠦᠯᠦᠨ ᠬᠤᠷᠢᠭᠯᠠᠬᠤ ᠬᠡᠷᠡᠭᠲᠡᠶ᠃ ᠡᠭᠦᠨ ᠤ ᠬᠠᠮᠲᠤ᠂ ᠡᠯ᠎ᠡ ᠰᠠᠯᠠᠭ᠎ᠠ ᠮᠥᠴᠢᠷ ᠤᠨ ᠬᠢᠨ ᠵᠣᠬᠢᠴᠠᠭᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠣᠶ ᠰᠢᠭᠤᠶ ᠨᠤᠳᠤᠭ ᠪᠡᠯᠴᠢᠭᠡᠷ ᠢ ᠡᠪᠳᠡᠵᠦ ᠰᠦᠢᠳᠭᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠬᠠᠮᠲᠤᠪᠠᠷ ᠠᠬᠢᠭᠤᠯᠬᠤ ᠬᠡᠷᠡᠭᠲᠡᠶ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠤ ᠠᠮᠢ ᠠᠬᠤᠢ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠪᠦᠬᠦ ᠨᠡᠶᠢᠭᠡᠮ ᠢᠶᠠᠷ ᠢᠶᠠᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠳᠤ ᠬᠠᠮᠲᠤᠪᠠᠷ ᠣᠷᠣᠯᠴᠠᠬᠤ ᠶᠢ ᠬᠦᠳᠦᠯᠦᠨ ᠵᠢᠯᠣᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号