ᠭᠤᠸᠠᠩ ᠷᠦᠩ ᠭᠠᠴᠠᠭ᠎ᠠ ᠦᠬᠡᠷ ᠲᠡᠵᠢᠭᠡᠵᠦ ᠪᠠᠶᠠᠵᠢᠯ ᠤᠨ ᠵᠠᠮ ᠢᠶᠠᠷ ᠵᠠᠮᠨᠠᠨ᠎ᠠ
ᠨᠡᠶᠢᠲᠡᠯᠡᠭᠰᠡᠨ ᠴᠠᠭ᠄
2025/4/7
   ︽ᠥᠩᠭᠡᠷᠡᠭᠰᠡᠨ ᠳᠤ ᠦᠬᠡᠷ ᠲᠡᠵᠢᠭᠡᠬᠦ ᠳᠤ ᠴᠥᠮ ᠡᠪᠡᠰᠦ ᠪᠣᠷᠳᠤᠭ᠎ᠠ ᠬᠤᠳᠠᠯᠳᠤᠨ ᠠᠪᠬᠤ ᠳᠤ ᠲᠦᠰᠢᠭᠯᠡᠵᠦ ᠪᠠᠶᠢᠵᠠᠶ᠂ ᠣᠳᠣ 3000 ᠮᠥ  ᠬᠦᠬᠡ ᠪᠤᠷᠳᠤᠭ᠎ᠠ ᠶᠢᠨ ᠲᠠᠷᠢᠶ᠎ᠠ ᠲᠠᠢ ᠪᠣᠯᠵᠠᠶ᠂ ᠡᠭᠦᠨ ᠤ ᠳᠡᠭᠡᠷ᠎ᠡ ᠪᠤᠭᠤᠵᠢᠯᠠᠬᠤ ᠮᠠᠰᠢᠨ ᠢᠶᠠᠷ 700 ᠲᠣᠨ ᠬᠠᠭᠤᠷᠠᠶ ᠡᠪᠡᠰᠦ ᠬᠤᠷᠢᠶᠠᠭᠰᠠᠨ ᠠᠴᠠ ᠦᠬᠡᠷ ᠲᠡᠵᠢᠭᠡᠬᠦ ᠥᠪᠡᠷ ᠤᠨ ᠥᠷᠲᠡᠭ 40 ᠭᠠᠷᠤᠶ ᠲᠦᠮᠡᠨ ᠲᠥᠭᠦᠷᠢᠭ ᠪᠠᠭᠤᠷᠠᠵᠠᠶ︾ ᠬᠡᠵᠦ ᠯᠢᠨ ᠹᠦ᠋ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠶᠢᠨ ᠮᠡᠷᠭᠡᠵᠢᠯ ᠤᠨ ᠵᠥᠪᠯᠡᠭᠴᠢ ᠴᠧᠨ ᠯᠢ ᠰᠢᠨ ᠬᠡᠯᠡᠪᠡ᠃    ᠯᠢᠨ ᠹᠦ᠋ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠳᠤ ᠣᠷᠣᠬᠤ ᠳᠤ᠂ ᠡᠮᠬᠢ ᠳᠢᠭᠯᠢᠮ ᠲᠠᠢ ᠶᠠᠭᠠᠷᠠᠯᠲᠠᠢ ᠪᠠᠶᠢᠳᠠᠯ ᠬᠠᠷᠠᠭᠳᠠᠵᠤ᠂  ᠠᠵᠢᠯᠲᠠᠳ ᠮᠠᠰᠢᠨ ᠲᠥᠬᠦᠭᠡᠷᠦᠮᠵᠢ ᠪᠠᠨ ᠪᠣᠯᠪᠠᠰᠤᠷᠠᠩᠭᠤᠶ ᠬᠡᠷᠡᠭᠯᠡᠨ ᠡᠪᠡᠰᠦ ᠪᠣᠷᠳᠤᠭ᠎ᠠ ᠪᠠᠨ ᠵᠥᠭᠡᠭᠡᠵᠦ᠂ ᠨᠠᠷᠢᠨ ᠨᠢᠮᠪᠠᠶ ᠠᠷᠠᠴᠢᠯᠠᠵᠤ᠂ ᠦᠬᠡᠷ ᠤᠨ ᠢᠶᠠᠨ ᠪᠠᠶᠢᠳᠠᠯ ᠢ ᠪᠠᠶᠢᠴᠠᠭᠠᠨ ᠠᠵᠢᠭᠯᠠᠨ᠎ᠠ᠃    ᠴᠧᠨ ᠯᠢ ᠰᠢᠨ᠂ ᠦᠬᠡᠷ ᠲᠡᠵᠢᠭᠡᠬᠦ ᠲᠠᠯᠠᠪᠠᠶ ᠨᠢ ᠥᠪᠡᠷ ᠤᠨ ᠡᠷᠳᠡᠨᠢ ᠰᠢᠰᠢ ᠶᠢᠨ ᠬᠦᠬᠡ ᠪᠤᠷᠳᠤᠭ᠎ᠠ ᠶᠢᠨ ᠰᠠᠭᠤᠷᠢᠨ ᠭᠠᠵᠠᠷ ᠪᠠ ᠪᠣᠭᠤᠵᠢᠯᠠᠬᠤ ᠲᠥᠬᠦᠭᠡᠷᠦᠮᠵᠢ ᠪᠠᠷ ᠢᠶᠠᠨ ᠬᠠᠭᠤᠷᠠᠶ ᠡᠪᠡᠰᠦ ᠴᠤᠭᠯᠠᠭᠤᠯᠵᠤ᠂ ᠥᠪᠡᠷ ᠤᠨ ᠥᠷᠲᠡᠭ ᠢ ᠨᠢ ᠶᠡᠭᠡ ᠪᠠᠷ ᠪᠠᠭᠤᠷᠠᠭᠤᠯᠪᠠ᠃ ᠡᠭᠦᠨ ᠤ ᠬᠠᠮᠲᠤ᠂ ᠰᠢᠨᠵᠢᠯᠡᠬᠦ ᠤᠬᠠᠭᠠᠨᠴᠢ ᠪᠠᠷ ᠨᠠᠷᠢᠯᠢᠬᠵᠢᠭᠤᠯᠤᠨ ᠲᠡᠵᠢᠭᠡᠨ ᠠᠷᠠᠴᠢᠯᠠᠵᠤ᠂ ᠦᠬᠡᠷ ᠢ ᠶᠡᠭᠡ ᠪᠠᠭ᠎ᠠ᠂ ᠬᠦᠢᠰᠦ ᠶᠢᠨ ᠢᠯᠭᠠᠯ ᠢᠶᠠᠷ ᠨᠢ ᠰᠦᠷᠦᠭ ᠬᠤᠪᠢᠶᠠᠨ᠂ ᠨᠠᠷᠢᠯᠢᠭ ᠣᠨᠣᠴᠠᠲᠠᠶ ᠪᠠᠷ ᠲᠡᠵᠢᠭᠡᠯ ᠪᠣᠷᠳᠤᠭ᠎ᠠ ᠳᠣᠭᠢᠷᠠᠭᠤᠯᠵᠤ᠂ ᠪᠠᠰᠠ ᠬᠥᠮᠦᠨ ᠤ ᠬᠦᠴᠦ ᠪᠠᠷ ᠬᠦᠢᠲᠡᠨ ᠢᠶᠠᠷ ᠬᠡᠭᠡᠯᠲᠦᠭᠦᠯᠬᠦ ᠮᠡᠷᠭᠡᠵᠢᠯ ᠢ ᠣᠷᠣᠭᠤᠯᠤᠨ᠂ ᠴᠢᠨᠠᠷ ᠰᠠᠶᠢᠲᠠᠶ ᠮᠢᠬᠠᠨ ᠤ ᠡᠭᠦᠯᠳᠡᠷ ᠢ ᠰᠣᠩᠭᠤᠨ ᠬᠡᠷᠡᠭᠯᠡᠵᠦ᠂ ᠰᠦ ᠵᠣᠭᠰᠣᠭᠰᠠᠨ ᠤ ᠳᠠᠷᠠᠭᠠᠬᠢ ᠲᠤᠭᠤᠯ ᠨᠢ ᠡᠩ ᠤᠨ ᠲᠤᠭᠤᠯ ᠤᠨ ᠬᠤᠳᠠᠯᠳᠤᠬᠤ ᠦᠨ᠎ᠡ ᠠᠴᠠ 2000 — 3000 ᠲᠥᠭᠦᠷᠢᠭ ᠥᠨᠳᠥᠷ ᠪᠠᠶᠢᠳᠠᠭ ᠭᠡᠵᠦ ᠲᠠᠨᠢᠯᠴᠠᠭᠤᠯᠵᠠᠢ᠃    ᠭᠤᠸᠠᠩ ᠷᠦᠩ ᠭᠠᠴᠠᠭ᠎ᠠ ᠶᠢᠨ ᠨᠠᠮ ᠤᠨ ᠡᠭᠦᠷ ᠤᠨ ᠭᠡᠰᠢᠭᠦᠨ ᠸᠠᠩ ᠳ᠋ᠠᠶ ᠶᠢᠨ ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠲᠣᠰ ᠭᠠᠴᠠᠭ᠎ᠠ 80 ᠭᠠᠷᠤᠶ ᠦᠬᠡᠷ ᠲᠡᠵᠢᠭᠡᠬᠦ ᠡᠷᠦᠬᠡ ᠪᠠᠶᠢᠵᠤ᠂ ᠨᠡᠶᠢᠲᠡ 900 ᠦᠬᠡᠷ ᠲᠡᠵᠢᠭᠡᠵᠦ ᠪᠠᠶᠢᠨ᠎ᠠ᠂ ᠦᠬᠡᠷ ᠤᠨ ᠠᠵᠤ ᠦᠢᠯᠡᠰ ᠨᠢ ᠤᠯᠠᠮᠵᠢᠯᠠᠯᠲᠤ ᠲᠡᠵᠢᠭᠡᠨ ᠦᠷᠡᠵᠢᠭᠦᠯᠬᠦ ᠵᠠᠭᠪᠤᠷ ᠠᠴᠠ ᠪᠣᠯᠵᠣ ᠬᠦᠴᠢᠷᠳᠡᠯ ᠳᠤ ᠲᠤᠯᠭᠠᠷᠠᠵᠤ ᠪᠠᠶᠢᠪᠠ᠂ ᠣᠲᠣ ᠡᠭᠦᠯᠳᠡᠷ ᠰᠠᠶᠢᠵᠢᠷᠠᠭᠤᠯᠬᠤ᠂ ᠬᠠᠰᠢᠶᠠᠯᠠᠨ ᠲᠡᠵᠢᠭᠡᠵᠦ ᠦᠷᠡᠵᠢᠭᠦᠯᠬᠦ ᠪᠠ ᠳᠠᠷᠢᠵᠤ ᠤᠷᠭᠤᠭᠤᠯᠬᠤ ᠶᠢ ᠵᠣᠬᠢᠴᠠᠯᠳᠤᠭᠤᠯᠤᠨ ᠬᠥᠭᠵᠢᠭᠦᠯᠬᠦ ᠰᠢᠨ᠎ᠡ ᠶᠢ ᠡᠭᠦᠳᠬᠦ ᠵᠠᠭᠪᠤᠷ ᠢᠶᠠᠷ ᠳᠡᠮᠵᠢᠨ ᠠᠮᠵᠢᠯᠲᠠ ᠣᠯᠵᠤ᠂ ᠰᠢᠨ᠎ᠡ ᠵᠠᠭᠪᠤᠷ ᠨᠢ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠲᠠᠷᠢᠶᠠᠯᠠᠩ ᠤᠨ ᠣᠷᠴᠢᠯ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃ ᠭᠤᠸᠠᠩ ᠷᠦᠩ ᠭᠠᠴᠠᠭ᠎ᠠ ᠦᠬᠡᠷ ᠤᠨ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠠᠷᠭ᠎ᠠ ᠵᠠᠮ ᠢ ᠦᠷᠭᠦᠯᠵᠢᠯᠡᠨ ᠰᠦᠪᠡᠭᠴᠢᠯᠡᠵᠦ᠂ ᠠᠵᠤ ᠦᠢᠯᠡᠰ ᠤᠨ ᠵᠠᠭᠪᠤᠷ ᠢᠶᠠᠨ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠲᠡᠵᠢᠭᠡᠨ ᠦᠷᠡᠵᠢᠭᠦᠯᠬᠦ ᠡᠷᠦᠬᠡ ᠶᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠦᠬᠡᠷ ᠤᠨ ᠠᠵᠤ ᠦᠢᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号