ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠤᠬᠠᠭᠤᠯᠤᠨ ᠲᠠᠶᠢᠯᠪᠤᠷᠢᠯᠠᠭᠴᠢᠳ ᠭᠦᠢᠯᠡᠷ ᠪᠠᠯᠭᠠᠰᠤ ᠪᠠᠷ ᠬᠦᠷᠴᠦ ᠭᠡᠷ ᠤᠨ ᠰᠤᠷᠭᠠᠯ ᠤᠨ ᠲᠤᠬᠠᠢ ᠲᠠᠶᠢᠯᠤᠮᠵᠢ ᠬᠢᠵᠡᠢ
ᠨᠡᠶᠢᠲᠡᠯᠡᠭᠰᠡᠨ ᠴᠠᠭ᠄
2025/4/7
    ︽ᠥᠨᠥᠳᠦᠷ ᠤᠨ ᠲᠠᠶᠢᠯᠤᠮᠵᠢ ᠶᠢ ᠰᠣᠨᠣᠰᠤᠭᠠᠳ ᠪᠢ ᠮᠠᠰᠢ ᠣᠯᠤᠯᠲᠠ ᠲᠠᠢ᠂ ᠰᠠᠶᠢᠨ ᠰᠠᠶᠢᠬᠠᠨ ᠭᠡᠷ ᠤᠨ ᠰᠤᠷᠲᠠᠯ ᠭᠡᠷ ᠤᠨ ᠰᠤᠷᠭᠠᠯ ᠨᠢ ᠨᠢᠭᠡ ᠭᠡᠷ ᠪᠦᠯᠢ ᠳᠤ ᠠᠪᠴᠤ ᠬᠡᠯᠡᠪᠡᠯ ᠦᠨᠡᠬᠡᠷ ᠮᠠᠰᠢ ᠴᠢᠬᠤᠯᠠ ᠶᠤᠮ ᠁︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠦᠢᠯᠡᠷ ᠪᠠᠯᠭᠠᠰᠤ ᠶᠢᠨ ᠪᠠᠭ᠋ᠠᠨᠬᠤᠳᠠ ᠭᠠᠴᠠᠭᠠᠨ ᠤ ᠠᠷᠠᠳ ᠸᠠᠩ ᠵᠢᠶᠦ᠋ᠨ ᠫᠢᠩ ᠬᠡᠯᠡᠪᠡ᠃    4 ᠰᠠᠷ᠎ᠠ ᠶᠢᠨ 1 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠤᠬᠠᠭᠤᠯᠤᠨ ᠲᠠᠶᠢᠯᠪᠤᠷᠢᠯᠠᠭᠴᠢᠳ ᠭᠦᠢᠯᠡᠷ ᠪᠠᠯᠭᠠᠰᠤᠨ ᠤ ᠪᠠᠭ᠋ᠠᠨᠬᠤᠳᠠ ᠭᠠᠴᠠᠭ᠎ᠠ ᠪᠠᠷ ᠭᠦᠨᠵᠡᠭᠡᠶᠢᠷᠡᠨ᠂ ︽ᠤᠯᠠᠮᠵᠢᠯᠠᠯᠲᠤ ᠰᠣᠶᠣᠯ ᠢᠶᠠᠨ ᠪᠠᠳᠠᠷᠠᠭᠤᠯᠵᠤ ᠬᠡᠷ ᠤᠨ ᠰᠤᠷᠲᠠᠯ ᠢᠶᠠᠨ ᠰᠠᠶᠢᠲᠤᠷ ᠤᠯᠠᠮᠵᠢᠯᠠᠨ ᠬᠡᠷ ᠪᠦᠯᠢ ᠪᠠᠨ ᠰᠠᠶᠢᠲᠤᠷ ᠪᠥᠲᠥᠭᠡᠨ ᠪᠠᠶᠢᠭᠤᠯᠬᠤ︾ ᠮᠡᠳᠡᠯᠭᠡ ᠶᠢᠨ ᠲᠠᠶᠢᠯᠤᠮᠵᠢ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠤᠮᠠᠷᠠᠲᠤ ᠬᠢᠯᠢ ᠶᠢᠨ ᠰᠣᠶᠣᠯ ᠢ ᠳᠡᠭᠡᠭᠰᠢᠯᠡᠭᠦᠯᠬᠦ ᠠᠵᠢᠯᠯᠠᠭ᠎ᠠ ᠶᠢ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠢᠶᠠᠨ ᠡᠷᠭᠦᠪᠡ᠃    ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠤᠬᠠᠭᠤᠯᠤᠨ ᠲᠠᠶᠢᠯᠪᠤᠷᠢᠯᠠᠭᠴᠢ ᠬᠢᠯᠪᠠᠷ ᠣᠶᠢᠯᠠᠭᠠᠮᠵᠢᠲᠠᠶ ᠦᠭᠡ ᠬᠡᠯᠡ᠂ ᠠᠮᠢᠳᠤᠯᠢᠭ ᠪᠣᠳᠠᠲᠠᠶ ᠵᠢᠱᠢᠶ᠎ᠡ ᠪᠠᠷ ᠰᠢᠯᠢᠳᠡᠭ ᠬᠡᠷ ᠤᠨ ᠰᠤᠷᠲᠠᠯ ᠬᠡᠷ ᠤᠨ ᠰᠤᠷᠭᠠᠯ ᠨᠢ ᠬᠤᠪᠢ ᠬᠥᠮᠦᠨ ᠤ ᠥᠰᠥᠯᠲᠡ ᠪᠤᠶᠢᠵᠢᠯᠲᠠ᠂ ᠬᠡᠷ ᠪᠦᠯᠢ ᠶᠢᠨ ᠵᠣᠯ ᠵᠢᠷᠭᠠᠯ᠂ ᠨᠡᠶᠢᠭᠡᠮ ᠤᠨ ᠡᠶ᠎ᠡ ᠵᠣᠬᠢᠴᠠᠯ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠣᠳᠣᠷᠬᠠᠶᠢᠯᠠᠨ ᠥᠭᠦᠯᠡᠵᠦ᠂ ᠬᠡᠷ ᠤᠨ ᠰᠤᠷᠲᠠᠯ ᠬᠡᠷ ᠤᠨ ᠰᠤᠷᠭᠠᠯ ᠢ ᠡᠳᠦᠷ ᠲᠤᠲᠤᠮ ᠤᠨ ᠠᠮᠢᠳᠤᠷᠠᠯ ᠤᠨ ᠦᠭᠡ ᠶᠠᠷᠢᠶ᠎ᠠ ᠦᠢᠯᠡ ᠠᠵᠢᠯᠯᠠᠭ᠎ᠠ ᠨᠢᠭᠡᠪᠦᠷᠢ ᠳᠤ ᠢᠯᠡᠷᠡᠭᠦᠯᠵᠦ᠂ ᠬᠡᠷ ᠪᠦᠯᠢ ᠶᠢᠨ ᠪᠦᠷᠢᠯᠳᠦᠬᠦᠨ ᠨᠢᠭᠡᠪᠦᠷᠢ ᠰᠡᠳᠬᠢᠯ ᠲᠠᠯᠪᠢᠨ ᠡᠵᠡᠩᠨᠡᠵᠦ᠂ ᠬᠠᠶᠢᠷ᠎ᠠ ᠪᠠᠷ ᠢᠶᠠᠨ ᠤᠯᠠᠮᠵᠢᠯᠠᠨ ᠵᠠᠯᠭᠠᠮᠵᠢᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠡᠭᠦᠨ ᠤ ᠬᠠᠮᠲᠤ ᠬᠡᠷ ᠤᠨ ᠰᠢᠯᠢᠳᠡᠭ ᠰᠤᠷᠲᠠᠯ ᠢ ᠬᠡᠷ ᠪᠦᠯᠢ ᠶᠢᠨ ᠬᠥᠮᠦᠵᠢᠯ ᠳᠤ ᠬᠡᠷᠬᠢᠨ ᠠᠭᠤᠰᠬᠠᠨ ᠣᠷᠣᠭᠤᠯᠬᠤ᠂ ᠬᠡᠷᠬᠢᠨ ᠪᠡᠶ᠎ᠡ ᠪᠠᠷ ᠢᠶᠠᠨ ᠬᠡᠪ ᠲᠦᠷᠢᠮ ᠪᠣᠯᠬᠤ᠂ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ ᠵᠢᠭᠠᠨ ᠰᠤᠷᠭᠠᠬᠤ᠂ ᠬᠡᠤᠬᠡᠳ ᠢ ᠬᠠᠪᠰᠤᠷᠤᠨ ᠵᠥᠪ ᠥᠷᠲᠡᠭ ᠤᠨ ᠦᠵᠡᠯᠲᠡ᠂ ᠠᠮᠢᠳᠤᠷᠠᠬᠤᠶ ᠶᠢᠨ ᠦᠵᠡᠯᠲᠡ ᠶᠢ ᠪᠣᠶ ᠪᠣᠯᠭᠠᠬᠤ ᠲᠤᠬᠠᠢ ᠬᠤᠪᠢᠶᠠᠯᠴᠠᠪᠠ᠃    ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠤᠯᠠᠨ ᠲᠦᠮᠡᠨ ᠤ ᠰᠢᠯᠢᠳᠡᠭ ᠰᠠᠶᠢᠨ ᠭᠡᠷ ᠤᠨ ᠰᠤᠷᠲᠠᠯ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠵᠦ᠂ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠭᠡᠷ ᠤᠨ ᠰᠤᠷᠲᠠᠯ ᠢ ᠰᠠᠶᠢᠲᠤᠷ ᠤᠯᠠᠮᠵᠢᠯᠠᠬᠤ᠂ ᠭᠡᠷ ᠤᠨ ᠰᠤᠷᠭᠠᠯ ᠢ ᠰᠠᠶᠢᠲᠤᠷ ᠪᠠᠳᠠᠷᠠᠭᠤᠯᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠤᠯᠠᠨ ᠲᠦᠮᠡᠨ ᠤ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠰᠢᠯᠢᠳᠡᠭ ᠰᠠᠶᠢᠨ ᠭᠡᠷ ᠤᠨ ᠰᠤᠷᠲᠠᠯ ᠢ ᠤᠯᠠᠮᠵᠢᠯᠠᠵᠤ᠂ ᠬᠥᠳᠡᠭᠡ ᠲᠣᠰᠬᠤᠨ ᠤ ᠰᠣᠶᠣᠯ ᠤᠨ ᠬᠥᠭᠵᠢᠯ ᠮᠠᠨᠳᠤᠯ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠳᠦᠯᠦᠨ ᠳᠠᠭᠠᠭᠤᠯᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号