ᠨᠡᠳᠤᠭᠡᠷ ᠪᠠᠯᠭᠠᠰᠤ ︽ᠦᠨᠡᠨᠴᠢ ᠢᠳᠡᠭᠡᠮᠵᠢᠳᠠᠢ +︾ ᠰᠢᠰᠲ᠋ᠧᠮ ᠤᠨ ᠪᠦᠳᠤᠭᠡᠨ ᠪᠠᠶᠢᠭᠤᠯᠤᠯᠳᠠ ᠶᠢ ᠬᠦᠴᠤᠯᠡᠨ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2025/4/7
      ︽ᠮᠠᠨ ᠤ ᠬᠠᠩᠭᠠᠨ ᠪᠤᠷᠤᠯᠠᠭᠤᠯᠬᠤ ᠬᠤᠷᠰᠢᠶ᠎ᠠ ᠡ᠊ᠨᠠ ᠵᠢᠯ ᠵᠢᠭᠡᠯᠡᠯᠭᠡ ᠪᠠᠷ ᠨᠢᠭᠡ ᠪᠦᠯᠥᠭ ᠲᠠᠷᠢᠶᠠᠨ ᠦᠷ᠎ᠠ ᠬᠢᠮᠢ ᠶᠢᠨ ᠪᠤᠷᠳᠤᠭᠤᠷ ᠤᠷᠤᠭᠤᠯᠪᠠ᠂ ᠲᠤᠰ ᠵᠢᠭᠡᠯᠡᠯᠭᠡ ᠨᠢ ᠪᠢᠳᠠᠨ ᠤ ᠬᠦᠴᠢᠷᠳᠠᠯ ᠢ ᠰᠶᠢᠳᠪᠤᠷᠢᠯᠡᠵᠤ ᠴᠢᠳᠠᠭᠰᠠᠨ ᠢᠶᠠᠷ ᠪᠠᠷᠠᠬᠤ ᠦᠭᠡᠢ ᠡ᠊ᠨᠠ ᠵᠢᠯ ᠤᠨ ᠵᠢᠭᠡᠯᠡᠯᠭᠡ ᠶᠢᠨ ᠬᠦᠤ ᠮᠦᠩᠬᠦ ᠨᠢ ᠤᠤᠯ ᠤᠨ ᠬᠢ ᠲᠠᠢ ᠬᠠᠷᠢᠴᠠᠭᠤᠯᠪᠠᠯ ᠬᠠᠭᠠᠰ ᠢᠶᠠᠷ ᠪᠠᠭᠤᠷᠠᠵᠤ᠂ ᠪᠢᠳᠠ ᠦᠨᠡᠨᠬᠦ ᠠᠰᠢᠭ ᠬᠦᠷᠳᠡᠭᠰᠡᠨ ᠪᠠᠶᠢᠨ᠎ᠠ︾ ᠭᠡᠵᠤ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠨᠡᠳᠤᠭᠡᠷ ᠬᠠᠩᠭᠠᠨ ᠪᠤᠷᠤᠯᠠᠭᠤᠯᠬᠤ ᠬᠤᠷᠰᠢᠶ᠎ᠠ ᠶᠢᠨ ᠬᠠᠷᠢᠭᠤᠴᠠᠯᠭᠠᠳᠠᠨ ᠯᠸᠢ ᠵᠦᠩ ᠬᠤᠸᠠ ᠶᠠᠷᠢᠨ᠎ᠠ᠃      ᠤᠶᠢᠷ᠎ᠠ ᠶᠢᠨ ᠡᠳᠤᠷ᠂ ᠨᠡᠳᠤᠭᠡᠷ ᠬᠠᠩᠭᠠᠨ ᠪᠤᠷᠤᠯᠠᠭᠤᠯᠬᠤ ᠬᠤᠷᠰᠢᠶ᠎ᠠ ᠶᠢᠨ ᠬᠢᠨ ᠪᠡᠯᠡ ᠮᠦᠩᠬᠦ ᠲᠤᠳᠠᠭᠳᠠᠵᠤ ᠪᠠᠶᠢᠳᠠᠯ᠎ᠠ ᠡᠮᠤᠨᠡᠳᠤ ᠬᠤᠰᠢᠭᠤᠨ ᠤ ᠬᠦᠳᠡᠭᠡ ᠲᠤᠰᠬᠤᠨ ᠤ ᠢᠳᠡᠭᠡᠮᠵᠢᠳᠤ ᠬᠤᠯᠪᠤᠭᠠᠳᠤ ᠬᠤᠷᠰᠢᠶ᠎ᠠ ᠶᠢᠨ ᠨᠡᠳᠤᠭᠡᠷ ᠢᠳᠡᠭᠡᠮᠵᠢᠳᠤ ᠬᠤᠷᠰᠢᠶ᠎ᠠ ᠶᠢᠨ ᠠᠵᠢᠯᠳᠠᠨ ᠲᠡᠳᠡᠨ ᠲᠠᠢ ᠬᠠᠷᠢᠯᠴᠠᠵᠤ᠂ ᠲᠤᠰᠬᠠᠢ ᠲᠦᠷᠤᠯ ᠤᠨ ᠵᠢᠭᠡᠯᠡᠯᠭᠡ ᠶᠢᠨ ᠲᠦᠰᠥᠪ ᠲᠤᠭᠳᠠᠭᠠᠵᠤ ᠦᠭᠪᠡ᠃      2024 ᠤᠨ ᠤ 5 ᠰᠠᠷ᠎ᠠ ᠳᠤ᠂ ᠨᠡᠳᠤᠭᠡᠷ ᠪᠠᠯᠭᠠᠰᠤ ᠨᠢ ᠠᠷᠠᠳ ᠤᠨ ᠪᠠᠩᠬᠢ ᠶᠢᠨ ᠬᠢᠩᠭᠠᠨ ᠬᠤᠪᠢᠶᠠᠷᠢ ᠪᠠᠩᠬᠢ᠂ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠬᠦᠳᠡᠭᠡ ᠲᠤᠰᠬᠤᠨ ᠤ ᠢᠳᠡᠭᠡᠮᠵᠢᠳᠤ ᠬᠤᠯᠪᠤᠭᠠᠳᠤ ᠬᠤᠷᠰᠢᠶ᠎ᠠ ᠳᠤ ︽ᠢᠳᠡᠭᠡᠮᠵᠢᠳᠤ ᠪᠠᠯᠭᠠᠰᠤ︾ ᠪᠠᠷ ᠦᠨᠡᠯᠡᠭᠳᠡᠪᠡ᠃ ︽ᠢᠳᠡᠭᠡᠮᠵᠢᠳᠤ ᠪᠠᠯᠭᠠᠰᠤ︾ ᠶᠢᠨ ᠪᠦᠳᠤᠭᠡᠨ ᠪᠠᠶᠢᠭᠤᠯᠤᠯᠳᠠ ᠨᠢ ᠪᠠᠯᠠ ᠴᠤᠬᠴᠠᠯᠠᠭᠤᠯᠬᠤ ᠬᠦᠴᠢᠷ ᠠᠰᠠᠭᠤᠳᠠᠯ ᠢ ᠰᠶᠢᠳᠪᠤᠷᠢᠯᠡᠭᠰᠡᠨ ᠢᠶᠠᠷ ᠪᠠᠷᠠᠬᠤ ᠦᠭᠡᠢ ᠨᠡᠩ ᠴᠤ ᠪᠦᠬᠦ ᠪᠠᠯᠭᠠᠰᠤᠨ ᠤ ᠲᠠᠷᠢᠶᠠᠯᠠᠩ ᠤᠨ ᠦᠢᠯᠡᠰ ᠤᠨ ᠬᠡᠯᠬᠢᠶᠠᠨ ᠤ ᠲᠡᠰ ᠲᠡᠪᠰᠢᠬᠦ ᠶᠢ ᠠᠬᠢᠭᠤᠯᠵᠤ ᠴᠢᠳᠠᠪᠠ᠃ ︽ᠨᠡᠳᠤᠭᠡᠷ ᠢᠳᠡᠭᠡᠮᠵᠢᠳᠤ ᠬᠤᠷᠰᠢᠶ᠎ᠠ ᠨᠢ ᠮᠦᠩᠬᠦᠨ ᠬᠦᠢᠯᠭᠡᠭᠡᠨ ᠤ ᠦᠢᠯᠡᠴᠢᠯᠡᠭᠡ ᠪᠠᠨ ᠦᠷᠬᠦᠯᠵᠢᠯᠡᠨ ᠰᠠᠶᠢᠵᠢᠷᠠᠭᠤᠯᠵᠤ᠂ ᠮᠦᠩᠬᠦᠨ ᠬᠦᠢᠯᠭᠡᠭᠡᠨ ᠤ ᠠᠵᠤ ᠠᠬᠤᠢ ᠶᠢᠨ ᠬᠦᠭᠵᠢᠯᠳᠠ ᠶᠢ ᠲᠡᠮᠵᠢᠬᠦ ᠬᠦᠴᠤᠯᠡᠴᠠ ᠪᠠᠨ ᠨᠡᠮᠡᠭᠳᠡᠬᠦᠯᠤᠨ᠂ ᠤᠯᠠᠨ ᠵᠦᠢᠯ ᠤᠨ ᠠᠳᠠᠯᠢ ᠪᠤᠰᠤ ᠢᠳᠡᠭᠡᠮᠵᠢᠳᠤ ᠵᠢᠭᠡᠯᠡᠯᠭᠡ ᠶᠢᠨ ᠦᠢᠯᠡᠳᠬᠦᠨ ᠢ ᠭᠠᠷᠭᠠᠪᠠ᠃ ᠤᠳᠤᠬᠠᠨ ᠪᠤᠯᠳᠠᠯ᠎ᠠ ᠡᠯ᠎ᠠ ᠲᠦᠷᠤᠯ ᠤᠨ ᠵᠢᠭᠡᠯᠡᠯᠭᠡ ᠶᠢ 2 ᠳ᠋ᠦᠩᠰᠢᠭᠤᠷ ᠲᠦᠬᠦᠷᠢᠭ ᠲᠠᠷᠬᠠᠭᠠᠨ᠂ ᠬᠦᠳᠡᠭᠡ ᠲᠤᠰᠬᠤᠨ ᠤ ᠠᠵᠤ ᠦᠢᠯᠡᠰ ᠢ ᠬᠦᠴᠤᠷᠬᠡᠭᠵᠢᠬᠦᠯᠬᠦ᠂ ᠲᠠᠷᠢᠶᠠᠴᠢᠳ ᠤᠨ ᠤᠷᠤᠯᠭ᠎ᠠ ᠶᠢ ᠨᠡᠡᠮᠭᠳᠡᠬᠦᠯᠬᠦ ᠳᠤ ᠬᠦᠴᠦᠳᠠᠢ ᠪᠡᠯᠡ ᠮᠦᠩᠬᠦ ᠶᠢᠨ ᠪᠠᠳᠤᠯᠠᠭ᠎ᠠ ᠬᠠᠩᠭᠠᠪᠠ︾ ᠭᠡᠵᠤ ᠡᠮᠤᠨᠡᠳᠤ ᠬᠤᠰᠢᠭᠤᠨ ᠤ ᠨᠡᠳᠤᠭᠡᠷ ᠢᠳᠡᠭᠡᠮᠵᠢᠳᠤ ᠬᠤᠷᠰᠢᠶ᠎ᠠ ᠶᠢᠨ ᠲᠡᠳ᠋ ᠡᠷᠬᠢᠯᠡᠭᠴᠢ ᠶᠤᠸᠠᠨ ᠶᠤᠸᠠᠨ ᠲᠠᠨᠢᠯᠴᠠᠭᠤᠯᠤᠨ᠎ᠠ᠃      ᠮᠦᠩᠬᠦᠨ ᠬᠦᠢᠯᠭᠡᠭᠡᠨ ᠤ ᠠᠵᠤ ᠠᠬᠤᠶᠢᠯᠠᠯ ᠲᠠᠢ ᠬᠦᠨᠵᠡᠭᠡᠢ ᠠᠭᠤᠰᠤᠯᠴᠠᠬᠤ ᠠᠴᠠ ᠭᠠᠳᠠᠨ᠎ᠠ᠂ ᠨᠡᠳᠤᠭᠡᠷ ᠪᠠᠯᠭᠠᠰᠤ ᠨᠢ ᠪᠠᠰᠠ ︽ᠤᠨᠴᠠᠯᠢᠭᠳᠤ ᠪᠤᠷᠤ ᠲᠦᠯᠥᠪ + ᠬᠤᠷᠠᠮᠳᠤᠭᠤᠯᠤᠭᠰᠠᠨ ᠬᠤᠪᠢ ᠶᠢ ᠨᠠᠷᠢᠯᠢᠭᠵᠢᠭᠤᠯᠬᠤ ᠲᠦᠷᠢᠮ︾ ᠵᠡᠷᠭᠡ ᠲᠤᠰᠬᠤᠨ ᠤ ᠲᠦᠷᠢᠮ ᠲᠤᠭᠳᠠᠭᠠᠯ ᠢᠶᠠᠷ ᠢᠳᠡᠭᠡᠮᠵᠢ ᠶᠢ ᠬᠤᠪᠢ ᠬᠤᠷᠠᠮᠳᠤᠭᠤᠯᠬᠤ ᠳᠤ ᠤᠷᠤᠭᠤᠯᠪᠠ᠃      ᠨᠡᠳᠤᠭᠡᠷ ᠪᠠᠯᠭᠠᠰᠤᠨ ᠤ ᠱᠤᠸᠠᠩ ᠱᠧᠩ ᠲᠤᠰᠬᠤᠨ ᠳᠤ᠂ ᠬᠤᠪᠢ ᠬᠤᠷᠠᠮᠳᠤᠭᠤᠯᠬᠤ ᠲᠦᠷᠢᠮ ᠨᠢ ᠲᠤᠰᠬᠤᠨ ᠤ ᠲᠦᠷᠢ ᠲᠦᠷᠬᠦ ᠶᠢ ᠭᠤᠶᠤᠵᠢᠭᠤᠯᠵᠤ᠂ ᠠᠷᠠᠳ ᠲᠤ ᠠᠰᠢᠭ ᠬᠦᠷᠳᠡᠭᠡᠨ᠂ ᠤᠤᠯ ᠤᠨ ᠬᠤᠪᠢ ᠬᠤᠷᠠᠮᠳᠤᠭᠤᠯᠬᠤ ᠲᠦᠷᠢᠮ ᠤᠨ ᠰᠠᠭᠤᠷᠢᠨ ᠲᠡᠭᠡᠷ᠎ᠠ ᠲᠤᠰᠬᠤᠨ ᠤ ᠲᠦᠷᠢᠮ ᠲᠤᠭᠳᠠᠭᠠᠯ ᠢ ᠪᠤᠳᠠᠳᠠᠶᠢᠵᠢᠭᠤᠯᠵᠤ᠂ ︽ᠦᠨᠡᠨᠴᠢ ᠢᠳᠡᠭᠡᠮᠵᠢ + ᠬᠤᠪᠢ ᠬᠤᠷᠠᠮᠳᠤᠭᠤᠯᠬᠤ ᠲᠦᠷᠢᠮ︾ ᠤᠨ ᠬᠠᠮᠢᠶ᠎ᠠ ᠪᠦᠬᠦᠢ ᠠᠵᠢᠯ ᠢ ᠦᠷᠨᠢᠬᠦᠯᠪᠡ᠃ ︽ᠪᠢᠳᠠ ᠨᠢᠭᠡ ᠲᠠᠯ᠎ᠠ ᠪᠠᠷ ᠮᠦᠩᠬᠦᠨ ᠬᠦᠢᠯᠭᠡᠭᠡᠨ ᠤ ᠰᠠᠯᠠᠭ᠎ᠠ ᠮᠦᠴᠢᠷ ᠤᠨ ︿ᠢᠳᠡᠭᠡᠮᠵᠢᠳᠤ ᠲᠤᠰᠬᠤᠨ﹀ ᠢ ᠶᠡᠷᠤᠩᠬᠡᠶᠢᠯᠡᠨ ᠠᠰᠢᠭᠯᠠᠵᠤ᠂ ︿ᠢᠳᠡᠭᠡᠮᠵᠢᠳᠤ ᠡᠷᠤᠬᠡ﹀ ᠶᠢᠨ ᠦᠨᠡᠯᠡᠯᠳᠠ ᠶᠢᠨ ᠦᠷ᠎ᠠ ᠳ᠋ᠦᠩ ᠢᠶᠠᠷ ᠪᠠᠷᠢᠮᠳᠠ ᠪᠤᠯᠭᠠᠨ᠂ ︿ᠦᠨᠡᠨᠴᠢ ᠢᠳᠡᠭᠡᠮᠵᠢ + ᠬᠤᠪᠢ ᠬᠤᠷᠠᠮᠳᠤᠭᠤᠯᠬᠤ ᠲᠦᠷᠢᠮ﹀ ᠢᠶᠠᠷ ᠲᠤᠭ᠎ᠠ ᠪᠠᠷᠢᠮᠳᠠ ᠶᠢᠨ ᠲᠡᠮᠵᠢᠯᠭᠡ ᠬᠠᠩᠭᠠᠪᠠ᠃ ᠨᠦᠬᠦᠭᠡ ᠲᠠᠯ᠎ᠠ ᠪᠠᠷ ᠬᠤᠷᠠᠮᠳᠤᠭᠤᠯᠤᠭᠰᠠᠨ ᠬᠤᠪᠢ ᠪᠠᠷ ᠲᠡᠯᠭᠡᠬᠦᠷ ᠲᠤ ᠡᠳ᠋ ᠪᠠᠷᠠᠭ᠎ᠠ ᠰᠤᠯᠢᠬᠤ ᠪᠠᠷ ᠦᠨᠡᠨᠴᠢ ᠢᠳᠡᠭᠡᠮᠵᠢᠳᠠᠢ ᠬᠡᠷᠡᠭᠯᠡᠭᠡᠨ ᠤ ᠪᠡᠶᠡᠴᠢᠯᠡᠨ ᠤᠶᠢᠯᠠᠭᠠᠯᠳᠠ ᠶᠢᠨ ᠲᠡᠯᠭᠡᠬᠦᠷ ᠢ ᠲᠤᠭᠳᠠᠭᠠᠨ᠂ ᠲᠤᠭᠳᠠᠭᠰᠠᠨ ᠬᠤᠭᠤᠴᠠᠭ᠎ᠠ ᠲᠠᠢ ᠪᠠᠷ ︿ᠦᠨᠡᠨᠴᠢ ᠢᠳᠡᠭᠡᠮᠵᠢᠳᠤ ᠡᠷᠤᠬᠡ﹀ ᠶᠢ ᠰᠢᠯᠭᠠᠷᠠᠭᠤᠯᠬᠤ ᠠᠵᠢᠯᠯᠠᠭ᠎ᠠ ᠦᠷᠨᠢᠬᠦᠯᠵᠤ᠂ ᠬᠠᠮᠳᠤᠪᠠᠷ ᠵᠠᠰᠠᠬᠤ ᠬᠠᠮᠳᠤᠪᠠᠷ ᠡᠳ᠋ᠯᠡᠬᠦ ᠬᠦᠳᠡᠭᠡ ᠲᠤᠰᠬᠤᠨ ᠤ ᠵᠠᠰᠠᠯᠳᠠ ᠶᠢ ᠠᠬᠢᠭᠤᠯᠪᠠ︾ ᠭᠡᠵᠤ ᠨᠡᠳᠤᠭᠡᠷ ᠪᠠᠯᠭᠠᠰᠤᠨ ᠤ ᠱᠤᠸᠠᠩ ᠱᠧᠩ ᠲᠤᠰᠬᠤᠨ ᠤ ᠨᠠᠮ ᠤᠨ ᠡᠬᠦᠷ ᠤᠨ ᠱᠦᠵᠢ ᠽᠦᠩ ᠨᠠᠢ ᠴᠢᠣᠸᠠᠨ ᠶᠠᠷᠢᠨ᠎ᠠ᠃ ︵ᠵᠢᠩ ᠠᠨ ᠭᠤᠤ ᠱᠠᠨ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号