| ︽ᠲᠠ ᠰᠠᠶᠢᠨ ᠤᠤ᠂ ᠪᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠯᠢᠦ | ᠬᠠᠶ ᠲᠤᠤ ᠪᠠᠶᠢᠨ᠎ᠠ᠂ ᠲᠠᠨ ᠳᠤ ᠶᠠᠮᠠᠷ ᠭᠤᠮᠣᠳᠠᠯ ᠱᠠᠭᠠᠷᠳᠠᠯᠭ᠎ᠠ ᠲᠠᠢ ᠪᠤᠶ︖︾ ᠬᠢᠩᠭᠠᠨ ᠠᠶᠢᠮᠠᠭ ᠤᠨ 12345 | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠲᠥᠪ ᠤᠨ | ᠤᠳᠤᠷᠢᠳᠤᠯᠭ᠎ᠠ ᠬᠦᠯᠢᠶᠡᠨ ᠠᠪᠬᠤ ᠲᠤᠰᠬᠠᠶ ᠰᠠᠭᠤᠳᠠᠯ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠣᠯᠠᠨ ᠲᠦᠮᠡᠨ ᠤ ᠭᠤᠮᠣᠳᠠᠯ | ᠱᠠᠭᠠᠷᠳᠠᠯᠭ᠎ᠠ ᠶᠢ ᠬᠦᠯᠢᠶᠡᠨ ᠠᠪᠴᠤ ᠰᠣᠨᠣᠰᠴᠤ᠂ ᠠᠰᠠᠭᠤᠯᠲᠠ ᠬᠠᠷᠢᠭᠤᠯᠲᠠ ᠶᠢᠨ ᠬᠡᠯᠪᠡᠷᠢ ᠪᠠᠷ ᠨᠠᠮ ᠪᠠ ᠣᠯᠠᠨ | ᠲᠦᠮᠡᠨ ᠤ ᠬᠤᠭᠤᠷᠣᠨᠳᠣᠬᠢ ᠵᠠᠶ ᠶᠢ ᠣᠶᠢᠷᠠᠲᠤᠭᠤᠯᠪᠠ᠃ | 4 ᠰᠠᠷ᠎ᠠ ᠶᠢᠨ 2 ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ | ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠬᠦᠮᠦᠰ ᠢ ᠳᠠᠭᠠᠭᠤᠯᠤᠨ ᠬᠢᠩᠭᠠᠨ ᠠᠶᠢᠮᠠᠭ ᠤᠨ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠲᠥᠪ ᠢᠶᠠᠷ ᠬᠦᠷᠴᠦ᠂ ︽ᠬᠠᠯᠠᠮᠰᠢᠯ | ᠤᠲᠠᠰᠤ ᠶᠢ ᠲᠤᠰᠴᠤ᠂ ᠪᠣᠳᠠᠲᠤ ᠶᠠᠪᠤᠳᠠᠯ ᠬᠢᠬᠦ︾ ᠠᠵᠢᠯᠯᠠᠭ᠎ᠠ ᠳᠤ ᠣᠷᠣᠯᠴᠠᠪᠠ᠃ ᠯᠢᠦ ᠬᠠᠶ ᠲᠤᠤ ᠢᠯᠴᠢ | ᠬᠠᠩᠭᠠᠬᠤ ᠪᠠ ᠳᠤᠯᠠᠭᠠᠯᠠᠬᠤ᠂ ᠪᠠᠷᠢᠯᠭ᠎ᠠ ᠶᠢᠨ ᠵᠣᠭᠤᠰ ᠢ ᠥᠷᠢᠲᠦᠬᠦ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ | ᠣᠯᠠᠨ ᠲᠠᠯ᠎ᠠ ᠶᠢᠨ ᠭᠤᠮᠣᠳᠠᠯ ᠱᠠᠭᠠᠷᠳᠠᠯᠭ᠎ᠠ ᠳᠤ ᠬᠤᠯᠪᠣᠭᠳᠠᠭᠰᠠᠨ 17 ᠤᠳᠠᠰᠤ ᠶᠢ ᠲᠤᠰᠴᠤ ᠬᠠᠷᠢᠭᠤᠯᠳᠠ | ᠦᠭᠴᠡᠢ᠃ ᠤᠳᠠᠰᠤ ᠲᠤᠰᠴᠤ ᠰᠣᠨᠣᠰᠬᠤ ᠶᠠᠪᠤᠴᠠ ᠳᠤ᠂ ᠯᠢᠦ ᠬᠠᠢ ᠲᠤᠤ ᠤᠯᠠᠨ ᠤ ᠭᠤᠮᠣᠳᠠᠯ ᠱᠠᠭᠠᠷᠳᠠᠯᠭ᠎ᠠ ᠶᠢ | ᠨᠠᠷᠢᠨ ᠬᠢᠨᠠᠮᠠᠭᠠᠢ ᠰᠣᠨᠣᠰᠴᠤ᠂ ᠲᠡᠳᠡᠨ ᠤ ᠲᠤᠰᠬᠠᠭᠰᠠᠨ ᠠᠰᠠᠭᠤᠳᠠᠯ ᠪᠠ ᠬᠦᠴᠢᠷᠳᠡᠯ ᠢ ᠨᠠᠷᠢᠨ ᠨᠢᠭᠲᠠ ᠲᠡᠮᠳᠡᠭᠯᠡᠨ | ᠬᠠᠷᠢᠭᠤᠯᠳᠠ ᠦᠭᠬᠦ ᠶᠢᠨ ᠲᠠᠭᠠᠤ ᠤᠯᠠᠮ ᠨᠢᠭᠡ ᠠᠯᠬᠤᠮ ᠬᠢᠨᠠᠨ ᠬᠠᠷᠭᠤᠭᠤᠯᠬᠤ ᠪᠠ ᠰᠢᠢᠳᠪᠤᠷᠢᠯᠡᠬᠦ ᠴᠢᠬᠤᠯᠠᠲᠠᠶ | ᠵᠦᠢᠯᠡᠰ ᠲᠤ ᠴᠢᠭᠯᠡᠭᠦᠯᠦᠨ᠂ ᠲᠤᠬᠠᠶ ᠶᠢᠨ ᠲᠠᠯᠠᠪᠤᠷ ᠲᠤ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠲᠤᠰᠢᠶᠠᠨ ᠥᠭᠴᠦ | ᠰᠢᠢᠳᠪᠤᠷᠢᠯᠡᠭᠦᠯᠦᠯᠪᠡ᠃ | ᠬᠦᠯᠢᠶᠡᠨ ᠠᠪᠴᠤ ᠰᠣᠨᠣᠰᠬᠤ ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠯᠢᠦ ᠬᠠᠶ ᠲᠤᠤ᠂ 12345 | ᠬᠠᠯᠠᠮᠰᠢᠯ ᠤᠲᠠᠰᠤ ᠪᠣᠯ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠣᠯᠠᠨ ᠲᠦᠮᠡᠨ ᠤ ᠬᠤᠭᠤᠷᠣᠨᠳᠣᠬᠢ ︽ | ᠰᠡᠳᠬᠢᠯ ᠢ ᠬᠤᠯᠪᠤᠬᠤ ᠬᠥᠭᠦᠷᠭᠡ︾ ᠮᠥᠨ᠂ ᠡᠶᠢᠮᠤ ᠠᠴᠠ ᠬᠠᠯᠠᠮᠰᠢᠯ ᠤᠳᠠᠰᠤ ᠰᠠᠭᠠᠳ ᠦᠭᠡᠢ ᠨᠡᠪᠳᠡᠷᠡᠬᠦ ᠶᠢ | ᠪᠠᠳᠤᠯᠠᠬᠤ ᠬᠡᠷᠡᠭᠳᠡᠢ᠃ ᠬᠠᠯᠠᠮᠰᠢᠯ ᠤᠲᠠᠰᠤ ᠶᠢ ᠨᠡᠪᠲᠡᠷᠡᠭᠦᠯᠬᠦ ᠨᠣᠷᠮ᠎ᠠ᠂ ᠠᠰᠠᠭᠤᠳᠠᠯ ᠢ ᠰᠢᠢᠳᠪᠤᠷᠢᠯᠡᠵᠦ | ᠳᠠᠭᠤᠰᠬᠠᠬᠤ ᠨᠣᠷᠮ᠎ᠠ ᠪᠣᠯᠤᠨ ᠣᠯᠠᠨ ᠲᠦᠮᠡᠨ ᠤ ᠬᠠᠨᠤᠮᠵᠢ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ | ᠂ ᠰᠢᠯᠢᠳᠡᠭ ᠦᠢᠯᠡᠴᠢᠯᠡᠭᠡ ᠬᠠᠩᠭᠠᠬᠤ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ︽ᠠᠷᠠᠳ ᠲᠤ | ᠭᠤᠮᠣᠳᠠᠯ ᠱᠠᠭᠠᠷᠳᠠᠯᠭ᠎ᠠ ᠪᠠᠶᠢᠪᠠᠯ᠂ ᠪᠢᠳᠡ ᠰᠠᠶᠢᠳᠤᠷ ᠰᠢᠢᠳᠪᠤᠷᠢᠯᠡᠵᠦ ᠥᠭᠬᠦ︾ ᠦᠢᠯᠡᠴᠢᠯᠡᠭᠡᠨ ᠤ ᠣᠨᠣᠯᠵᠢᠬᠤᠨ ᠢ | ᠢᠮᠠᠭᠲᠠ ᠪᠠᠷᠢᠮᠲᠠᠯᠠᠵᠤ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ | ᠨᠢᠭᠡᠳ ᠨᠢᠭᠡ ᠪᠠᠷ ᠲᠠᠨᠢᠵᠤ᠂ ᠦᠷᠭᠦᠯᠵᠢᠯᠡᠨ ᠵᠢᠭᠰᠠᠭᠠᠨ ᠪᠠᠶᠢᠴᠠᠭᠠᠵᠤ᠂ ᠴᠢᠨᠠᠭᠰᠢᠯᠠᠪᠠᠯ ᠳ᠋ᠤᠭᠠᠷ ᠢ ᠨᠢ ᠬᠦᠴᠦᠨ | ᠥᠬᠡᠶ ᠪᠣᠯᠭᠠᠬᠤ ᠶᠢ ᠰᠢᠢᠳᠪᠤᠷᠢᠯᠡᠬᠦ ᠬᠡᠷᠡᠭᠲᠡᠶ᠃ ᠤᠷᠢᠳᠴᠢᠯᠠᠨ ᠰᠤᠳᠤᠯᠤᠨ ᠮᠠᠭᠠᠳᠯᠠᠵᠤ᠂ ᠵᠥᠷᠢᠴᠡᠯ ᠢ | ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠤᠷᠢᠯᠡᠵᠦ᠂ ᠦᠨᠳᠦᠰᠦᠨ ᠱᠠᠲᠤᠨ ᠳᠤᠨᠢ ᠠᠷᠢᠯᠭᠠᠵᠤ᠂ ᠠᠵᠢᠯ ᠤᠨ ᠦᠷ᠎ᠡ | ᠪᠦᠲᠦᠮᠵᠢ ᠪᠠ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠤᠳ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠶᠢ ᠰᠠᠶᠢᠲᠤᠷ | ᠬᠢᠵᠦ᠂ ᠠᠵᠢᠯ ᠤᠨ ᠶᠠᠪᠤᠴᠠ ᠶᠢ ᠰᠢᠯᠢᠳᠡᠭᠵᠢᠭᠦᠯᠦᠨ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ | ᠴᠢᠩᠭᠠᠷᠠᠭᠤᠯᠵᠤ᠂ ᠰᠢᠢᠳᠪᠤᠷᠢᠯᠡᠵᠦ ᠳᠠᠭᠤᠰᠬᠠᠬᠤ ᠴᠠᠭ ᠤᠨ ᠬᠢᠵᠠᠭᠠᠷ ᠢ ᠪᠣᠭᠤᠨᠢᠰᠬᠠᠬᠤ ᠬᠡᠷᠡᠭᠲᠡᠶ ᠭᠡᠵᠦ | ᠴᠢᠬᠤᠯᠠᠴᠢᠯᠠᠪᠠ᠃ | ᠠᠵᠢᠯᠯᠠᠭ᠎ᠠ ᠶᠢᠨ ᠲᠤᠬᠠᠶ ᠶᠢᠨ ᠡᠳᠦᠷ᠂ ᠣᠯᠠᠨ ᠲᠦᠮᠡᠨ ᠤ ᠲᠤᠰᠬᠠᠭᠰᠠᠨ ᠭᠤᠮᠣᠳᠠᠯ ᠱᠠᠭᠠᠷᠳᠠᠯᠭ᠎ᠠ ᠶᠢ ᠴᠥᠮ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠠᠵᠢᠯ ᠤᠨ ᠬᠠᠭᠤᠳᠠᠰᠤ ᠲᠠᠷᠬᠠᠭᠠᠬᠤ ᠶᠢ | ᠪᠡᠶᠡᠯᠡᠭᠦᠯᠵᠦ᠂ ᠬᠤᠰᠢᠭᠤᠨ ᠤ ᠵᠠᠰᠠᠭ ᠤᠨ ᠣᠷᠳᠣᠨ ᠠᠴᠠ ᠦᠷᠭᠦᠯᠵᠢᠯᠡᠨ ᠮᠥᠷᠳᠡᠵᠦ ᠱᠠᠯᠠᠪᠳᠠᠨ ᠭᠦᠢᠴᠡᠳᠭᠡᠬᠦ | ᠲᠣᠭᠲᠠᠴᠠ ᠶᠢ ᠪᠠᠶᠢᠭᠤᠯᠵᠤ᠂ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ︽ᠶᠠᠪᠤᠳᠠᠯ ᠪᠣᠯᠭᠠᠨ ᠳᠤ ᠬᠠᠷᠢᠭᠤ | ᠥᠭᠴᠦ᠂ ᠶᠠᠪᠤᠳᠠᠯ ᠪᠣᠯᠭᠠᠨ ᠢ ᠨᠠᠶᠢᠳᠠᠪᠤᠷᠢᠵᠢᠭᠤᠯᠬᠤ︾ ᠶᠢ ᠦᠨᠡᠨ ᠬᠦ ᠪᠠᠲᠤᠯᠠᠵᠠᠢ᠃ |