ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠠᠭᠤᠤ ᠬᠥᠭᠵᠢᠮᠴᠢᠳ ᠤᠨ ᠨᠡᠶᠢᠭᠡᠮᠯᠢᠭ ᠪᠤᠯᠤᠨ ᠪᠥᠵᠢᠭᠴᠢᠳ ᠤᠨ ᠨᠡᠶᠢᠭᠡᠮᠯᠢᠭ ᠪᠠᠶᠢᠭᠤᠯᠤᠭᠳᠠᠵᠠᠢ
ᠨᠡᠶᠢᠲᠡᠯᠡᠭᠰᠡᠨ ᠴᠠᠭ᠄
2025/4/8
        ᠤᠳᠬ᠎ᠠ ᠤᠷᠠᠯᠢᠭ ᠤᠨ ᠬᠦᠴᠦᠨ ᠢ ᠨᠢᠭᠲᠠᠷᠠᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠣᠶᠣᠯ ᠤᠨ ᠰᠢᠨ᠎ᠡ ᠠᠶᠠᠨ ᠢ ᠡᠬᠢᠯᠡᠭᠦᠯᠬᠦ ᠶᠢᠨ ᠲᠥᠯᠥᠭᠡ᠂ 4 ᠰᠠᠷ᠎ᠠ ᠶᠢᠨ 3 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠠᠭᠤᠤ ᠬᠥᠭᠵᠢᠮᠴᠢᠳ ᠤᠨ ᠨᠡᠶᠢᠭᠡᠮᠯᠢᠭ᠂ ᠪᠥᠵᠢᠭᠴᠢᠳ ᠤᠨ ᠨᠡᠶᠢᠭᠡᠮᠯᠢᠭ ᠪᠠᠶᠢᠭᠤᠯᠤᠭᠳᠠᠭᠰᠠᠨ ᠵᠢᠴᠢ ᠠᠩᠬᠠᠳᠤᠭᠠᠷ ᠤᠳᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᡁᠢ ᠪᠢᠶᠤᠤ ᠬᠤᠷᠠᠯ ᠳᠤ ᠣᠷᠣᠯᠴᠠᠵᠠᠶ᠃    ᠳᠠᠭᠤᠤ ᠬᠥᠭᠵᠢᠮᠴᠢᠳ ᠤᠨ ᠨᠡᠶᠢᠭᠡᠮᠯᠢᠭ ᠪᠠᠶᠢᠭᠤᠯᠤᠭᠳᠠᠬᠤ ᠶᠡᠭᠡ ᠬᠤᠷᠠᠯ ᠳᠡᠭᠡᠷ᠎ᠡ᠂ ᠳᠤᠮᠳᠠᠳᠤ ᠤᠯᠤᠰ ᠤᠨ ᠳᠠᠭᠤᠤ ᠬᠥᠭᠵᠢᠮᠴᠢᠳ ᠤᠨ ᠨᠡᠶᠢᠭᠡᠮᠯᠢᠭ ᠤᠨ ᠭᠡᠰᠢᠭᠦᠨ᠂ ᠥᠪᠥᠷ ᠮᠣᠩᠭᠤᠯ ᠤᠨ ᠳᠠᠭᠤᠤ ᠬᠥᠭᠵᠢᠮᠴᠢᠳ ᠤᠨ ᠨᠡᠶᠢᠭᠡᠮᠯᠢᠭ ᠤᠨ ᠬᠡᠷᠡᠭ ᠡᠷᠬᠢᠯᠡᠭᠴᠢ ᠭᠤᠤ ᠶᠢᠨ ᠱᠠᠨ ᠤ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠵᠦ᠂ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠠᠭᠤᠤ ᠬᠥᠭᠵᠢᠮᠴᠢᠳ ᠤᠨ ᠨᠡᠶᠢᠭᠡᠮᠯᠢᠭ ᠤᠨ ᠲᠦᠷᠢᠮ︾ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠠᠭᠤᠤ ᠬᠥᠭᠵᠢᠮᠴᠢᠳ ᠤᠨ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠡᠷᠡᠭ ᠡᠷᠬᠢᠯᠡᠭᠴᠢ ᠶᠢ ᠰᠣᠩᠭᠤᠬᠤ ᠠᠷᠭ᠎ᠠ︾ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠠᠭᠤᠤ ᠬᠥᠭᠵᠢᠮᠴᠢᠳ ᠤᠨ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠲᠠᠷᠢᠭᠦᠯᠡᠭᠴᠢ ᠶᠢᠨ ᠪᠦᠯᠬᠦᠮ ᠢ ᠰᠤᠩᠭᠤᠬᠤ ᠠᠷᠭ᠎ᠠ︾ ᠶᠢ ᠬᠢᠨᠠᠨ ᠵᠦᠪᠯᠡᠵᠦ ᠪᠠᠳᠤᠯᠠᠪᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠠᠭᠤᠤ ᠬᠥᠭᠵᠢᠮᠴᠢᠳ ᠤᠨ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ᠂ ᠳᠠᠭᠤᠤ ᠬᠥᠭᠵᠢᠮᠴᠢᠳ ᠤᠨ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠲᠡᠷᠢᠭᠦᠯᠡᠭᠴᠢ ᠶᠢᠨ ᠪᠦᠯᠬᠦᠮ ᠤᠨ ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ ᠢ ᠪᠠᠲᠤᠯᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠠᠭᠤᠤ ᠬᠥᠭᠵᠢᠮᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠶᠢᠨ ᠪᠦᠯᠬᠦᠮ ᠤᠨ ᠨᠡᠷᠡᠰ ᠢ ᠨᠡᠶᠢᠲᠡᠯᠡᠭᠰᠡᠨ ᠪᠥᠭᠡᠳ ᠳᠠᠭᠤᠤ ᠬᠥᠭᠵᠢᠮᠴᠢᠳ ᠤᠨ ᠨᠡᠶᠢᠭᠡᠮᠯᠢᠭ ᠤᠨ ᠵᠥᠪᠯᠡᠭᠴᠢ᠂ ᠨᠡᠷ᠎ᠡ ᠬᠦᠨᠳᠦᠲᠦ ᠲᠡᠷᠢᠭᠦᠯᠡᠭᠴᠢ ᠳᠤ ᠣᠷᠢᠯᠭ᠎ᠠ ᠶᠢᠨ ᠪᠢᠴᠢᠭ ᠭᠠᠷᠳᠠᠭᠤᠯᠪᠠ᠃    ᠪᠥᠵᠢᠭᠴᠢᠳ ᠤᠨ ᠨᠡᠶᠢᠭᠡᠮᠯᠢᠭ ᠪᠠᠶᠢᠭᠤᠯᠤᠭᠳᠠᠬᠤ ᠶᠡᠭᠡ ᠬᠤᠷᠠᠯ ᠳᠡᠭᠡᠷ᠎ᠡ᠂ ᠪᠠᠶᠠᠨᠨᠠᠭᠤᠷ ᠤᠨ ᠪᠥᠵᠢᠭᠴᠢᠳ ᠤᠨ ᠨᠡᠶᠢᠭᠡᠮᠯᠢᠭ᠂ ᠰᠢᠯᠢ ᠶᠢᠨ ᠭᠤᠣᠯ ᠠᠶᠢᠮᠠᠭ ᠤᠨ ᠪᠥᠵᠢᠭᠴᠢᠳ ᠤᠨ ᠨᠡᠶᠢᠭᠡᠮᠯᠢᠭ᠂ ᠬᠢᠩᠭᠠᠨ ᠠᠶᠢᠮᠠᠭ ᠤᠨ ᠪᠥᠵᠢᠭᠴᠢᠳ ᠤᠨ ᠨᠡᠶᠢᠭᠡᠮᠯᠢᠭ ᠵᠡᠷᠭᠡ ᠪᠠᠶᠢᠭᠤᠯᠭ᠎ᠠ ᠨᠢᠭᠡᠴᠢ ᠶᠢᠨ ᠪᠠᠶᠠᠷ ᠤᠨ ᠴᠠᠬᠢᠯᠭᠠᠨ ᠮᠡᠳᠡᠭᠡ ᠵᠢᠴᠢ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠪᠡ᠃ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠥᠵᠢᠭᠴᠢᠳ ᠤᠨ ᠨᠡᠶᠢᠭᠡᠮᠯᠢᠭ ᠤᠨ ᠲᠦᠷᠢᠮ︾ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠥᠵᠢᠭᠴᠢᠳ ᠤᠨ ᠨᠡᠶᠢᠭᠡᠮᠯᠢᠭ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠦᠷᠢᠮ︾ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠥᠵᠢᠭᠴᠢᠳ ᠤᠨ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠰᠣᠩᠭᠤᠭᠤᠯᠢ ᠶᠢᠨ ᠠᠷᠭ᠎ᠠ︾ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠥᠵᠢᠭᠴᠢᠳ ᠤᠨ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠲᠡᠷᠢᠭᠦᠯᠡᠭᠴᠢ ᠶᠢᠨ ᠪᠦᠯᠬᠦᠮ ᠤᠨ ᠰᠣᠩᠭᠤᠭᠤᠯᠢ ᠶᠢᠨ ᠠᠷᠭ᠎ᠠ︾ ᠶᠢ ᠬᠢᠨᠠᠨ ᠵᠥᠪᠯᠡᠵᠦ ᠪᠠᠲᠤᠯᠠᠪᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠥᠵᠢᠭᠴᠢᠳ ᠤᠨ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ᠂ ᠪᠥᠵᠢᠭᠴᠢᠳ ᠤᠨ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠲᠡᠷᠢᠭᠦᠯᠡᠭᠴᠢ ᠶᠢᠨ ᠪᠦᠯᠬᠦᠮ ᠤᠨ ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ ᠢ ᠪᠠᠲᠤᠯᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠥᠵᠢᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠶᠢᠨ ᠪᠦᠯᠬᠦᠮ ᠤᠨ ᠨᠡᠷᠡᠰ ᠢ ᠨᠡᠶᠢᠲᠡᠯᠡᠭᠰᠡᠨ ᠪᠥᠭᠡᠳ ᠪᠥᠵᠢᠭᠴᠢᠳ ᠤᠨ ᠨᠡᠶᠢᠭᠡᠮᠯᠢᠭ ᠤᠨ ᠵᠥᠪᠯᠡᠭᠴᠢ᠂ ᠨᠡᠷ᠎ᠡ ᠬᠦᠨᠳᠦᠲᠦ ᠲᠡᠷᠢᠭᠦᠯᠡᠭᠴᠢ᠂ ᠨᠡᠷ᠎ᠡ ᠬᠦᠨᠳᠦᠲᠦ ᠳᠡᠳ᠋ ᠲᠡᠷᠢᠭᠦᠯᠡᠭᠴᠢ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃    ᠸᠠᠩ ᡁᠢ ᠪᠢᠶᠤᠤ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠬᠢᠨ ᠤ ᠨᠢᠭᠡᠳᠦᠯᠲᠡᠢ ᠲᠥᠯᠥᠪᠵᠢᠭᠦᠯᠬᠦ ᠶᠢ ᠠᠳᠬᠤᠬᠤ᠂ ᠡᠩᠨᠡᠭᠡ ᠶᠢ ᠬᠦᠴᠦᠷᠬᠡᠭᠵᠢᠭᠦᠯᠬᠦ᠂ ᠳᠠᠪᠠᠭᠤᠯᠢᠭ ᠢ ᠪᠠᠳᠠᠷᠠᠭᠤᠯᠬᠤ ᠵᠡᠷᠭᠡ ᠲᠠᠯ᠎ᠠ ᠶᠢᠨ ᠠᠵᠢᠯ ᠢ ᠭᠦᠢᠴᠡᠳ ᠨᠤᠲᠠᠯᠠᠵᠤ᠂ ᠡᠳᠡᠭᠡᠷ ᠠᠷᠭ᠎ᠠ ᠬᠡᠮᠵᠢᠶ᠎ᠡ ᠨᠢ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠰᠢᠨ᠎ᠡ ᠠᠮᠢᠵᠢᠷᠠᠯ ᠤᠨ ᠬᠦᠴᠦᠨ ᠢ ᠪᠦᠲᠦᠮᠵᠢᠲᠡᠢ ᠬᠥᠭᠵᠢᠭᠡᠵᠡᠢ ᠭᠡᠵᠡᠢ᠃ ᠲᠡᠷᠡ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠮᠠᠷᠠᠲᠤ ᠬᠢᠯᠢ ᠶᠢᠨ ᠰᠣᠶᠣᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠯᠠᠬᠤ ᠬᠡᠷᠡᠭᠲᠡᠶ᠃ ᠬᠢᠩᠭᠠᠨ ᠠᠶᠢᠮᠠᠭ ᠤᠨ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ︽ᠠᠷᠪᠠᠨ ᠵᠠᠭᠤ︾ ᠵᠢᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽1020︾ ᠶᠢᠨ ᠲᠣᠭᠤᠷᠢᠨ ᠳᠤ᠂ ᠳᠠᠭᠤᠤ ᠬᠥᠭᠵᠢᠮ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠶᠡᠬᠡᠪᠡᠷ ᠠᠬᠢᠭᠤᠯᠵᠤ᠂ ᠳᠠᠭᠤᠤ ᠬᠥᠭᠵᠢᠮ ᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠤᠨ ᠡᠬᠡ ᠤᠯᠤᠰ ᠤᠨ ᠡᠬᠡ ᠭᠠᠵᠠᠷ ᠲᠤ ᠤᠯᠠᠮᠵᠢᠯᠠᠬᠤ ᠬᠡᠷᠡᠭᠳᠡᠢ᠃ ᠡᠭᠦᠨ ᠤ ᠬᠠᠮᠳᠤ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠣᠯᠠᠨ ᠲᠦᠮᠡᠨ ᠳᠤ ᠦᠢᠯᠡᠴᠢᠯᠡᠬᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢ ᠮᠠᠭᠲᠠᠨ ᠰᠠᠶᠢᠰᠢᠶᠠᠬᠤ᠂ ᠨᠡᠷᠡᠲᠦ ᠲᠡᠮᠳᠡᠭ ᠢ ᠢᠯᠡ ᠪᠣᠯᠭᠠᠬᠤ ᠵᠡᠷᠭᠡ ᠲᠠᠯ᠎ᠠ ᠪᠠᠷ ᠰᠢᠨ᠎ᠡ ᠠᠮᠵᠢᠯᠲᠠ ᠪᠦᠲᠦᠮᠵᠢ ᠭᠠᠷᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠸᠠᠩ ᡁᠢ ᠪᠢᠶᠤᠤ ᠪᠠᠰᠠ᠂ ︽ᠠᠶᠠᠯᠭᠤᠳᠤ ᠵᠢᠭᠤᠯᠴᠢᠯᠠᠯ ᠥᠪᠥᠷ ᠮᠣᠩᠭᠤᠯ︾ ᠪᠠ ︽ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ︾ ᠶᠢᠨ ᠲᠣᠭᠤᠷᠢᠨ ᠳᠤ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠵᠦ᠂ ᠤᠮᠠᠷᠠᠲᠤ ᠬᠢᠯᠢ ᠶᠢᠨ ᠰᠣᠶᠣᠯ ᠤᠨ ᠡᠬᠢ ᠪᠠᠶᠠᠯᠢᠭ ᠢ ᠦᠷᠭᠦᠯᠵᠢᠯᠡᠨ ᠠᠭᠤᠳᠠᠯᠵᠤ᠂ ᠨᠠᠩ ᠣᠯᠠᠨ ᠰᠣᠳᠣᠨ ᠪᠦᠲᠦᠭᠡᠯ ᠭᠠᠷᠭᠠᠵᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号