| ᠦᠪᠦᠷ ᠮᠤᠩᠭᠤᠯ ᠤᠨ ᠠᠵᠢᠯᠳᠠᠨ ᠠᠵᠢᠯᠴᠢᠨ ᠤ ᠬᠠᠷᠢᠯᠴᠠᠨ ᠬᠠᠪᠰᠤᠷᠤᠯᠴᠠᠬᠤ ᠪᠠᠳᠦᠯᠠᠭ᠎ᠠ ᠶᠢᠨ | ᠨᠡᠶᠢᠬᠡᠮᠯᠢᠭ ᠤᠨ ᠬᠤᠶᠠᠳᠤᠭᠠᠷ ᠬᠤᠭᠤᠴᠠᠭᠠᠨ ᠤ ᠭᠤᠷᠪᠠᠳᠤᠭᠠᠷ ᠤᠳᠠᠭ᠎ᠠ ᠶᠢᠨ ᠬᠡᠷᠡᠭ ᠡᠷᠬᠢᠯᠡᠭᠴᠢᠳ ᠤᠨ | ᠬᠤᠷᠠᠯ ᠠᠴᠠ ᠤᠶᠢᠯᠠᠭᠠᠬᠰᠠᠨ ᠢᠶᠠᠷ᠂ ᠨᠢᠳᠦᠨᠦᠨ ᠦᠪᠦᠷ ᠮᠤᠩᠭᠤᠯ ᠤᠨ ᠠᠵᠢᠯᠳᠠᠨ ᠠᠵᠢᠯᠴᠢᠨ ᠤ ᠬᠠᠷᠢᠯᠴᠠᠨ | ᠬᠠᠪᠰᠤᠷᠤᠯᠴᠠᠬᠤ ᠪᠠᠳᠦᠯᠠᠭ᠎ᠠ ᠪᠠᠷ 95712 ᠬᠦᠮᠦᠨ ᠤᠳᠠᠭ᠎ᠠ ᠳᠤ ᠠᠰᠢᠭ ᠬᠦᠷᠳᠡᠭᠡᠵᠦ᠂ ᠭᠤᠶᠤᠴᠢᠯᠠᠨ | ᠠᠪᠤᠬᠰᠠᠨ ᠵᠤᠭᠤᠰ ᠤᠨ ᠲᠤᠭ᠎ᠠ 9527.97 ᠲᠦᠮᠡᠨ ᠲᠦᠬᠦᠷᠢᠭ ᠲᠤ ᠬᠦᠷᠴᠡᠢ᠃ | ᠤᠳᠤᠬᠠᠨ ᠳᠤ᠂ ᠦᠪᠦᠷ ᠮᠤᠩᠭᠤᠯ ᠤᠨ ᠠᠵᠢᠯᠳᠠᠨ ᠠᠵᠢᠯᠴᠢᠨ ᠤ ᠬᠠᠷᠢᠯᠴᠠᠨ ᠬᠠᠪᠰᠤᠷᠤᠯᠴᠠᠬᠤ | ᠪᠠᠳᠦᠯᠠᠭ᠎ᠠ ᠳᠤ ᠠᠵᠢᠯᠳᠠᠨ ᠠᠵᠢᠯᠴᠢᠨ ᠤ ᠡᠮᠨᠡᠯᠬᠡ ᠳᠤ ᠰᠠᠭᠤᠵᠦ ᠡᠮᠴᠢᠯᠡᠬᠦᠯᠬᠦ ᠪᠠ ᠡᠮᠡᠭᠳᠡᠶᠢᠴᠤᠳ ᠤᠨ ᠤᠨᠴᠠᠭᠠᠢ | ᠡᠪᠡᠳᠴᠢᠨ ᠬᠡᠬᠦ ᠬᠤᠶᠠᠷ ᠲᠦᠷᠦᠯ ᠵᠦᠢᠯ ᠪᠠᠭᠳᠠᠵᠦ ᠪᠠᠶᠢᠨ᠎ᠠ᠃ 2024 ᠤᠨ ᠳᠤ᠂ ᠪᠦᠬᠦ ᠤᠷᠤᠨ ᠤ 2025 | ᠤᠨ ᠤ ᠬᠠᠷᠢᠯᠴᠠᠨ ᠬᠠᠪᠰᠤᠷᠤᠯᠴᠠᠬᠤ ᠪᠠᠳᠦᠯᠠᠭ᠎ᠠ ᠳᠤ ᠤᠷᠤᠯᠴᠬᠠᠰᠠᠨ ᠠᠵᠢᠯᠳᠠᠨ ᠠᠵᠢᠯᠴᠢᠨ ᠨᠡᠶᠢᠳᠡ 182.43 | ᠲᠦᠮᠡᠨ ᠬᠦᠮᠦᠨ ᠤᠳᠠᠭ᠎ᠠ ᠳᠤ ᠬᠦᠷᠴᠦ᠂ ᠡᠬᠦᠨ ᠳᠤ᠂ ᠡᠮᠨᠡᠯᠬᠡ ᠳᠤ ᠰᠠᠭᠤᠵᠦ ᠡᠮᠴᠢᠯᠡᠬᠦᠯᠦᠭᠰᠡᠨ ᠲᠦᠷᠦᠯ | ᠵᠦᠢᠯ ᠳᠤ 138.88 ᠲᠦᠮᠡᠨ ᠬᠦᠮᠦᠨ ᠤᠳᠠᠭ᠎ᠠ ᠪᠠᠶᠢᠵᠦ᠂ ᠡᠮᠡᠭᠳᠡᠶᠢᠴᠤᠳ ᠤᠨ ᠤᠨᠴᠠᠭᠠᠢ ᠡᠪᠡᠳᠴᠢᠨ ᠤ | ᠲᠦᠷᠦᠯ ᠵᠦᠢᠯ ᠳᠤ 43.55 ᠲᠦᠮᠡᠨ ᠬᠦᠮᠦᠨ ᠤᠳᠠᠭ᠎ᠠ ᠳᠤ ᠬᠦᠷᠴᠡᠢ᠃ 2024 ᠤᠨ ᠤ ᠡᠴᠦᠰ ᠪᠤᠯᠳᠠᠯ᠎ᠠ | ᠪᠦᠬᠦ ᠵᠢᠯ ᠳᠤ ᠨᠦᠬᠦᠪᠦᠷᠢ ᠭᠤᠶᠤᠴᠢᠯᠠᠬᠰᠠᠨ ᠠᠵᠢᠯᠳᠠᠨ ᠠᠵᠢᠯᠴᠢᠨ 61238 ᠬᠦᠮᠦᠨ᠂ 95712 ᠬᠦᠮᠦᠨ | ᠤᠳᠠᠭ᠎ᠠ ᠳᠤ ᠬᠦᠷᠴᠦ᠂ 2024 ᠤᠨ ᠤ ᠪᠦᠬᠦ ᠵᠢᠯ ᠳᠤ ᠨᠡᠶᠢᠳᠡ 9527.97 ᠲᠦᠮᠡᠨ ᠲᠦᠬᠦᠷᠢᠭ ᠤᠨ | ᠨᠦᠬᠦᠪᠦᠷᠢ ᠭᠤᠶᠤᠴᠢᠯᠠᠬᠰᠠᠨ ᠪᠠᠶᠢᠨ᠎ᠠ᠃ ᠡᠬᠦᠨ ᠤ ᠬᠠᠮᠳᠤ᠂ ᠦᠪᠦᠷ ᠮᠤᠩᠭᠤᠯ ᠤᠨ ᠠᠵᠢᠯᠳᠠᠨ ᠠᠵᠢᠯᠴᠢᠨ ᠤ | ᠬᠠᠷᠢᠯᠴᠠᠨ ᠬᠠᠪᠰᠤᠷᠤᠯᠴᠠᠬᠤ ᠪᠠᠳᠦᠯᠠᠭ᠎ᠠ ᠶᠢᠨ ᠨᠡᠶᠢᠬᠡᠮᠯᠢᠭ ᠠᠴᠠ ᠪᠠᠰᠠ ᠪᠦᠬᠦ ᠤᠷᠤᠨ ᠤ 7950 ᠲᠦᠷᠭᠡᠨ | ᠬᠦᠷᠭᠡᠭᠴᠢ ᠳᠤ ᠡᠮᠨᠡᠯᠬᠡ ᠳᠤ ᠰᠠᠭᠤᠬᠤ ᠡᠮᠴᠢᠯᠡᠬᠡᠨ ᠤ ᠬᠠᠷᠢᠯᠴᠠᠨ ᠬᠠᠪᠰᠤᠷᠤᠯᠴᠠᠬᠤ ᠪᠠᠳᠦᠯᠠᠭ᠎ᠠ ᠶᠢᠨ ᠲᠦᠷᠦᠯ | ᠵᠦᠢᠯ ᠢ ᠦᠨᠡᠨ ᠨᠡᠷ᠎ᠡ ᠪᠠᠷ ᠦᠨ᠎ᠡ ᠲᠦᠯᠦᠪᠦᠷᠢ ᠦᠬᠡᠢ ᠪᠠᠷ ᠬᠦᠷᠭᠡᠵᠦ ᠦᠭᠴᠡᠢ᠃ | ᠤᠶᠢᠯᠠᠭᠠᠬᠰᠠᠨ ᠢᠶᠠᠷ᠂ ᠡᠨᠡ ᠵᠢᠯ ᠠᠵᠢᠯᠳᠠᠨ ᠠᠵᠢᠯᠴᠢᠨ ᠤ ᠡᠮ ᠡᠮᠨᠡᠯᠬᠡ ᠶᠢᠨ ᠬᠠᠷᠢᠯᠴᠠᠨ | ᠬᠠᠪᠰᠤᠷᠤᠯᠴᠠᠬᠤ ᠪᠠᠳᠦᠯᠠᠭ᠎ᠠ ᠶᠢᠨ ᠦᠢᠯᠡᠴᠢᠯᠡᠭᠡ ᠶᠢ ᠲᠠᠰᠦᠷᠠᠯᠳᠠ ᠦᠬᠡᠢ ᠲᠡᠰ ᠲᠡᠪᠰᠢᠬᠦᠯᠬᠦ ᠪᠤᠯᠤᠨ᠎ᠠ᠃ ᠲᠤᠰ | ᠠᠵᠢᠯ ᠢ ᠨᠢᠬᠡᠨᠳᠡ ᠦᠪᠡᠷᠳᠡᠬᠡᠨ ᠵᠠᠰᠠᠬᠤ ᠤᠷᠤᠨ ᠤ ᠠᠵᠢᠯᠴᠢᠨ ᠤ ᠶᠡᠷᠦᠩᠭᠡᠢ ᠡᠪᠯᠡᠯ ᠤᠨ ︽2025 ᠤᠨ ᠳᠤ | ᠠᠵᠢᠯᠳᠠᠨ ᠠᠵᠢᠯᠴᠢᠨ ᠳᠤ ᠦᠢᠯᠡᠴᠢᠯᠡᠵᠦ ᠪᠤᠳᠠᠳᠠᠢ ᠠᠵᠢᠯ ᠬᠢᠬᠦ ᠲᠦᠷᠦᠯ ᠵᠦᠢᠯ︾ ᠳᠤ ᠵᠢᠬᠰᠠᠭᠠᠨ ᠤᠷᠤᠭᠤᠯᠵᠦ᠂ | ᠲᠦᠰᠦᠪ ᠲᠤ 1300 ᠭᠠᠷᠦᠢ ᠲᠦᠮᠡᠨ ᠲᠦᠬᠦᠷᠢᠭ ᠲᠤᠬᠢᠷᠠᠭᠤᠯᠵᠦ᠂ ᠡᠮᠨᠡᠯᠬᠡ ᠳᠤ ᠰᠠᠭᠤᠵᠦ ᠡᠮ ᠡᠮᠨᠡᠯᠬᠡ ᠶᠢᠨ | ᠬᠠᠷᠢᠯᠴᠠᠨ ᠬᠠᠪᠰᠤᠷᠤᠯᠴᠠᠬᠤ ᠲᠦᠷᠦᠯ ᠵᠦᠢᠯ ᠳᠤ ᠤᠷᠤᠯᠴᠠᠬᠰᠠᠨ ᠠᠵᠢᠯᠳᠠᠨ ᠠᠵᠢᠯᠴᠢᠨ ᠨᠢᠬᠡᠪᠦᠷᠢ ᠳᠤ 10 | ᠲᠦᠬᠦᠷᠢᠭ ᠨᠦᠬᠦᠪᠦᠷᠢᠯᠡᠵᠦ᠂ ᠲᠠᠭᠠᠳᠬᠠᠯ ᠳᠤ ᠤᠷᠤᠯᠴᠠᠬᠰᠠᠨ ᠠᠵᠢᠯᠳᠠᠨ ᠠᠵᠢᠯᠴᠢᠨ ᠢ 138 ᠲᠦᠮᠡ ᠠᠴᠠ | ᠲᠡᠭᠡᠭᠰᠢ ᠪᠤᠯᠭᠠᠵᠦ᠂ 40 ᠭᠠᠷᠦᠢ ᠲᠦᠮᠡᠨ ᠡᠮᠡᠭᠳᠡᠢ ᠠᠵᠢᠯᠳᠠᠨ ᠠᠵᠢᠯᠴᠢᠨ ᠢ ᠲᠠᠶᠢᠴᠢᠯᠠᠨ ᠡᠮᠡᠭᠳᠡᠶᠢᠴᠤᠳ ᠤᠨ | ᠬᠠᠷᠢᠯᠴᠠᠨ ᠬᠠᠪᠰᠤᠷᠤᠯᠴᠠᠬᠤ ᠲᠦᠷᠦᠯ ᠵᠦᠢᠯ ᠳᠤ ᠤᠷᠤᠯᠴᠠᠭᠤᠯᠤᠨ᠎ᠠ᠃ ᠡᠬᠦᠨ ᠤ ᠬᠠᠮᠳᠤ ᠲᠤᠭᠠᠴᠢᠯᠠᠬᠰᠠᠨ | ᠬᠦᠴᠦᠨ ᠴᠢᠳᠠᠪᠦᠷᠢ ᠪᠠᠷ ᠲᠠᠭᠠᠳᠬᠠᠯ ᠲᠤ ᠤᠷᠤᠯᠴᠠᠬᠤ᠂ ᠲᠦᠯᠦᠪᠦᠷᠢ ᠦᠭᠬᠦ᠂ ᠪᠠᠶᠢᠴᠠᠭᠠᠨ ᠯᠠᠪᠯᠠᠬᠤ ᠶᠢ ᠬᠦᠨᠵᠡᠬᠡᠢ | ᠠᠬᠢᠭᠤᠯᠵᠦ᠂ ᠦᠪᠡᠷᠮᠢᠴᠡ ᠦᠢᠯᠡᠴᠢᠯᠡᠬᠡᠨ ᠤ ᠲᠦᠰᠦᠯ ᠪᠠᠶᠢᠭᠤᠯᠬᠤ ᠶᠢ ᠠᠬᠢᠭᠤᠯᠵᠦ᠂ 2026 ᠤᠨ ᠤ | ᠬᠠᠷᠢᠯᠴᠠᠨ ᠬᠠᠪᠰᠤᠷᠤᠯᠴᠠᠬᠤ ᠬᠡᠰᠢᠬᠦᠨ ᠨᠢᠬᠡᠴᠢ ᠶᠢᠨ ᠲᠤᠬᠳᠠᠭᠤᠨ ᠤ ᠲᠤᠮᠳᠠ ᠲᠡᠭᠡᠭᠰᠢᠯᠡᠯᠳᠡ ᠲᠠᠢ ᠪᠠᠶᠢᠬᠤ ᠶᠢ | ᠪᠠᠳᠦᠯᠠᠵᠦ᠂ ᠪᠦᠬᠦ ᠤᠷᠤᠨ ᠤ ᠦᠷᠬᠡᠨ ᠤᠯᠠᠨ ᠠᠵᠢᠯᠳᠠᠨ ᠠᠵᠢᠯᠴᠢᠨ ᠬᠡᠰᠢᠬᠦᠳ ᠲᠤ ᠬᠠᠷᠢᠯᠴᠠᠨ ᠬᠠᠪᠰᠤᠷᠤᠯᠴᠠᠵᠦ | ᠬᠠᠷᠢᠯᠴᠠᠨ ᠲᠤᠰᠠᠯᠠᠬᠤ᠂ ᠦᠪᠡᠷ ᠢ ᠪᠠᠨ ᠪᠠᠳᠦᠯᠠᠬᠤ ᠡᠷᠡᠬᠦᠯ ᠮᠡᠨᠳᠤ ᠶᠢᠨ ᠰᠡᠷᠬᠡᠶᠢᠯᠡᠯᠳᠡ ᠶᠢᠨ ᠱᠤᠭᠤᠮ ᠢ ᠦᠨᠡᠨᠬᠦ | ᠪᠠᠶᠢᠭᠤᠯᠤᠨ ᠦᠭᠴᠦ᠂ ᠠᠵᠢᠯᠳᠠᠨ ᠠᠵᠢᠯᠴᠢᠨ ᠬᠡᠰᠢᠬᠦᠳ ᠤᠨ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯᠳᠤ | ᠲᠦᠷᠦᠭᠳᠡᠯ᠂ ᠠᠮᠦᠷ ᠲᠦᠪᠰᠢᠨ ᠤ ᠲᠦᠷᠦᠭᠳᠡᠯ ᠢ ᠲᠠᠰᠦᠷᠠᠯᠳᠠ ᠦᠬᠡᠢ ᠲᠡᠭᠡᠭᠰᠢᠯᠡᠬᠦᠯᠦᠨ᠎ᠡ᠃ ︵︽ᠲᠤᠮᠳᠠᠳᠤ | ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ︾ ᠠᠴᠠ ᠰᠢᠯᠵᠢᠬᠦᠯᠪᠡ︶ |