ᠬᠡᠷᠡᠭᠯᠡᠭᠡᠨ ᠤ ᠵᠠᠬ᠎ᠠ ᠳᠡᠯᠭᠡᠭᠦᠷ ᠬᠥᠷ ᠬᠥᠭᠵᠢᠶᠡᠨ ᠢᠶᠠᠷ ᠪᠢᠯᠬᠠᠵᠤ ᠲᠦᠷᠦ ᠶᠢᠨ ᠪᠣᠳᠤᠯᠭ᠎ᠠ ᠶᠢᠨ ᠳᠡᠮᠵᠢᠯᠭᠡ  ᠳᠤ ᠢᠲᠡᠭᠡᠯ ᠵᠣᠷᠢᠭ ᠬᠥᠪᠴᠢᠯᠡᠭᠳᠡᠨ᠎ᠡ
ᠨᠡᠶᠢᠲᠡᠯᠡᠭᠰᠡᠨ ᠴᠠᠭ᠄
2025/4/8
      ᠬᠡᠷᠡᠭᠯᠡᠭᠡᠨ ᠤ ᠵᠠᠬ᠎ᠠ ᠳᠡᠯᠭᠡᠭᠦᠷ ᠨᠡᠩ ᠬᠥᠭᠵᠢᠶᠡᠨ ᠲᠠᠢ ᠪᠣᠯᠪᠠ        ᠲᠦᠮᠡᠨ ᠪᠤᠳᠠᠰ ᠠᠮᠢᠯᠡᠨ ᠲᠦᠯᠵᠢᠭᠰᠡᠨ ᠤᠷᠢᠬᠠᠨ ᠬᠠᠪᠤᠷ ᠲᠤ ᠬᠢᠩᠭᠠᠨ ᠠᠶᠢᠮᠠᠭ ᠤᠨ ᠬᠡᠷᠡᠭᠯᠡᠭᠡᠨ ᠤ ᠵᠠᠬ᠎ᠠ ᠲᠡᠯᠭᠡᠬᠦᠷ ᠦᠷᠨᠢᠨ ᠬᠦᠭᠵᠢᠭᠰᠡᠨ ᠰᠢᠨ᠎ᠠ ᠪᠠᠶᠢᠳᠠᠯ ᠢᠯᠡᠷᠡᠪᠡ᠃ 2025 ᠣᠨ ᠳᠤ᠂ ᠬᠢᠩᠭᠠᠨ ᠠᠶᠢᠮᠠᠭ ︽ᠬᠡᠷᠡᠭᠯᠡᠭᠡ ᠶᠢ ᠬᠥᠭᠵᠢᠭᠦᠯᠬᠦ ᠣᠨ︾ ᠤ ᠠᠵᠢᠯᠯᠠᠭ᠎ᠠ ᠪᠠᠷ ᠭᠤᠣᠯ ᠰᠢᠵᠢᠮ ᠪᠣᠯᠭᠠᠵᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠤ ᠴᠢᠭᠯᠡᠬᠦᠯᠦᠨ᠂ ᠠᠭᠤᠯᠭ᠎ᠠ ᠪᠠᠷ ᠤᠯᠠᠨ ᠬᠡᠯᠪᠡᠷᠢ ᠪᠠᠷ ᠪᠠᠶᠠᠯᠢᠭ ᠪᠤᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠨᠠᠷᠢᠨ ᠨᠢᠮᠪᠠᠢ ᠵᠤᠬᠢᠶᠠᠨ ᠪᠠᠶᠢᠭᠤᠯᠤᠨ ᠦᠷᠨᠢᠬᠦᠯᠵᠦ᠂ ᠬᠡᠷᠡᠭᠯᠡᠭᠡᠨ ᠤ ᠵᠠᠬ᠎ᠠ ᠲᠡᠯᠭᠡᠬᠦᠷ ᠢ ᠬᠦᠭᠵᠢᠶᠡᠨᠳᠡᠢ ᠪᠤᠯᠭᠠᠵᠤ ᠪᠠᠶᠢᠨ᠎ᠠ᠃        ᠤᠯᠠᠭᠠᠨᠬᠤᠲᠠ ᠶᠢᠨ ᠡᠸᠤ ᠶᠠ ᠬᠤᠳᠠᠯᠳᠤᠭᠠᠨ ᠤ ᠲᠥᠪ ᠲᠤ᠂ ᠬᠤᠳᠠᠯᠳᠤᠭᠠᠴᠢᠳ ᠲᠤ ᠠᠯᠢ ᠤᠯᠠᠨ ᠬᠠᠷᠠᠭᠠᠯᠵᠠᠯ ᠦᠵᠡᠬᠦᠯᠬᠦ ᠠᠵᠢᠯᠯᠠᠭ᠎ᠠ ᠨᠢ ᠬᠤᠳᠠ ᠶᠢᠨ ᠠᠷᠠᠳ ᠤᠨ ᠠᠩᠬᠠᠷᠤᠯ ᠢ ᠲᠠᠳᠠᠵᠦ᠂ ᠭᠡᠷᠡᠭᠯᠡᠭᠡᠨ ᠤ ᠬᠠᠯᠠᠭᠤᠷᠠᠯ ᠢ ᠪᠤᠢ ᠪᠤᠯᠭᠠᠪᠠ᠃ ︽ᠪᠠᠶᠠᠷ ᠳᠤᠷᠠᠰᠬᠠᠯ ᠤᠨ ᠡᠳᠦᠷ ᠪᠤᠯᠬᠤ ᠪᠦᠷᠢ ᠬᠤᠳᠠᠯᠳᠤᠭᠠᠨ ᠤ ᠲᠠᠯᠠᠪᠤᠷ ᠠᠴᠠ ᠦᠨ᠎ᠡ ᠬᠠᠩᠰᠢ ᠪᠠᠨ ᠶᠡᠭᠡᠪᠡᠷ ᠪᠠᠭᠤᠷᠠᠭᠤᠯᠬᠤ ᠠᠵᠢᠯᠯᠠᠭ᠎ᠠ ᠶᠠᠪᠤᠭᠳᠠᠭᠤᠯᠳᠠᠭ᠂ ᠪᠢ ᠬᠢᠮᠳᠡ ᠮᠦᠷᠳᠡᠭᠡᠨ ᠴᠠᠭ ᠤᠨ ᠦᠩᠭᠡ ᠶᠢ ᠲᠠᠭᠠᠭᠰᠠᠨ ᠬᠤᠪᠴᠠᠰᠦ ᠵᠠᠰᠠᠯ ᠢ ᠭᠡᠷ ᠤᠨ ᠬᠦᠮᠦᠰ ᠲᠡᠭᠡᠨ ᠠᠪᠴᠦ ᠦᠭᠴᠡᠢ︾ ᠭᠡᠵᠦ ᠤᠯᠠᠭᠠᠨᠬᠤᠲᠠ ᠶᠢᠨ ᠼᠦᠢ ᠠᠪᠠᠭ᠋ᠠᠢ ᠪᠠᠶᠠᠷᠯᠠᠨ ᠬᠡᠯᠡᠨ᠎ᠡ᠃        ᠤᠯᠠᠭᠠᠨᠬᠤᠲᠠ ᠶᠢᠨ ᠡᠸᠤ ᠶᠠ ᠬᠤᠳᠠᠯᠳᠤᠭᠠᠨ ᠤ ᠲᠦᠪ ᠤᠨ ᠦᠷᠨᠢᠩᠬᠦᠢ ᠪᠠᠶᠢᠳᠠᠯ ᠨᠢ ᠬᠢᠩᠭᠠᠨ ᠠᠶᠢᠮᠠᠭ ᠤᠨ ᠬᠡᠷᠡᠭᠯᠡᠭᠡᠨ ᠤ ᠵᠠᠬ᠎ᠠ ᠲᠡᠯᠭᠡᠬᠦᠷ ᠤᠨ ᠬᠤᠷᠢᠶᠠᠩᠭᠤᠢ ᠲᠦᠷᠰᠦ ᠪᠤᠯᠤᠨ᠎ᠠ᠃ ᠲᠤᠭ᠎ᠠ ᠪᠠᠷᠢᠮᠳᠠ ᠶᠢᠨ ᠢᠯᠡᠷᠡᠬᠦᠯᠦᠭᠰᠡᠨ ᠢᠶᠠᠷ 1 — 2 ᠰᠠᠷ᠎ᠠ ᠳᠤ᠂ ᠪᠦᠬᠦ ᠠᠶᠢᠮᠠᠭ ᠤᠨ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 30.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.5% ᠪᠠᠷ ᠨᠡᠮᠡᠭᠳᠡᠪᠡ︔ ᠨᠢᠭᠡᠳᠦᠭᠡᠷ ᠤᠯᠠᠷᠢᠯ ᠳᠤ ᠪᠥᠬᠦ ᠠᠶᠢᠮᠠᠭ ᠤᠨ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠵᠢᠱᠢᠯᠲᠡ ᠪᠠᠷ ᠠᠳᠠᠯᠢ ᠬᠤᠭᠤᠴᠠᠭᠠᠨ ᠤ ᠬᠢ ᠠᠴᠠ 3.7% ᠪᠠᠷ ᠨᠡᠮᠡᠭᠳᠡᠵᠦ᠂ 44.7 ᠳ᠋ᠦᠩᠰᠢᠭᠤᠷ ᠲᠥᠭᠦᠷᠢᠭ ᠲᠤ ᠬᠦᠷᠴᠠᠢ᠃        ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠦᠷ ᠬᠥᠭᠵᠢᠶᠡᠨ ᠲᠠᠢ ᠪᠠᠶᠢᠳᠠᠯ ᠨᠢ ᠤᠨᠢᠨ ᠲᠡᠭᠡᠷ᠎ᠠ ᠨᠢ ᠬᠦᠴᠦᠯᠡᠭᠰᠡᠨ ᠲᠦᠷᠦ ᠶᠢᠨ ᠪᠤᠳᠤᠯᠭ᠎ᠠ ᠠᠴᠠ ᠪᠤᠯᠤᠭᠰᠠᠨ ᠶᠤᠮ᠃ ᠡᠨᠡ ᠵᠢᠯ ᠠᠴᠠ ᠨᠠᠭᠠᠰᠢ᠂ ᠬᠢᠩᠭᠠᠨ ᠠᠶᠢᠮᠠᠭ ᠣᠯᠠᠨ ᠲᠠᠯ᠎ᠠ ᠶᠢᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠠᠶᠢᠵᠢᠷᠠᠯᠲᠠ ᠶᠢ ᠪᠥᠬᠦ ᠬᠦᠴᠦᠨ ᠢᠶᠠᠷ ᠠᠬᠢᠭᠤᠯᠪᠠ᠃ ᠨᠢᠭᠡᠳᠦᠭᠡᠷ ᠤᠯᠠᠷᠢᠯ ᠳᠤ᠂ ᠪᠥᠬᠦ ᠠᠶᠢᠮᠠᠭ ᠢᠶᠠᠷ ᠢᠶᠠᠨ ᠡᠯ᠎ᠡ ᠲᠦᠷᠦᠯ ᠤᠨ ᠪᠤᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ 260 ᠤᠳᠠᠭ᠎ᠠ ᠵᠤᠬᠢᠶᠠᠨ ᠪᠠᠶᠢᠭᠤᠯᠤᠨ ᠶᠠᠪᠤᠭᠳᠠᠭᠤᠯᠵᠦ᠂ ᠪᠠᠷᠤᠬᠴᠢᠯᠠᠪᠠᠯ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤ ᠲᠣᠰᠣ᠂ ᠢᠳᠡᠭᠡᠨ ᠤ ᠠᠵᠢᠯ ᠲᠥᠷᠥᠯ 10% ᠪᠠᠷ ᠨᠡᠮᠡᠭᠳᠡᠭᠰᠡᠨ ᠪᠠᠶᠢᠨ᠎ᠠ᠃ ᠢᠳᠡᠭᠡᠨ ᠤᠮᠳᠠᠭᠠᠨ ᠤ ᠬᠡᠷᠡᠭᠯᠡᠭᠡ ᠲᠠᠰᠤᠷᠠᠯᠳᠠ ᠦᠭᠡᠢ ᠲᠡᠭᠡᠭᠰᠢᠯᠡᠵᠦ᠂ ᠪᠠᠷᠤᠬᠴᠢᠯᠠᠪᠠᠯ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠵᠢᠵᠢᠭᠯᠡᠨ ᠬᠤᠳᠠᠯᠳᠤᠭᠰᠠᠨ ᠲᠤᠭ᠎ᠠ 6% ᠪᠠᠷ ᠨᠡᠮᠡᠭᠳᠡᠪᠡ᠃ ᠮᠠᠰᠢᠨ ᠲᠡᠷᠭᠡᠨ ᠤ ᠬᠡᠷᠡᠭᠯᠡᠭᠡᠨ ᠤ ᠪᠠᠶᠢᠳᠠᠯ ᠲᠤᠭᠳᠠᠭᠤᠨ ᠪᠠᠶᠢᠵᠦ᠂ ︽ᠬᠠᠭᠤᠴᠢᠨ ᠢᠶᠠᠷ ᠰᠢᠨ᠎ᠡ ᠶᠢ ᠰᠣᠯᠢᠬᠤ︾ ᠵᠡᠷᠭᠡ ᠠᠵᠢᠯᠯᠠᠭ᠎ᠠ ᠶᠢ ᠦᠷᠨᠢᠬᠦᠯᠬᠦ ᠪᠠᠷ ᠲᠠᠮᠵᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠮᠠᠰᠢᠨ ᠲᠡᠷᠭᠡᠨ ᠤ ᠠᠵᠤ ᠠᠬᠤᠶᠢᠯᠠᠯ ᠤᠨ ᠪᠤᠷᠤᠯᠠᠭᠤᠯᠭ᠎ᠠ ᠶᠢᠨ ᠬᠡᠮᠵᠢᠶ᠎ᠡ ᠶᠢ 3% ᠪᠠᠷ ᠨᠡᠮᠡᠭᠳᠡᠬᠦᠯᠬᠦ ᠪᠤᠯᠤᠨ᠎ᠠ᠃        2025 ᠣᠨ ᠠᠴᠠ ᠨᠠᠭᠠᠰᠢ᠂ ᠬᠢᠩᠭᠠᠨ ᠠᠶᠢᠮᠠᠭ ᠤᠨ ᠡᠯ᠎ᠡ ᠬᠤᠰᠢᠭᠤ ᠰᠢᠶᠠᠨ ᠬᠤᠳᠠ ᠪᠠᠰᠠ ᠪᠦᠳᠤᠮᠵᠢᠳᠠᠢ ᠠᠷᠭ᠎ᠠ ᠪᠤᠳᠤᠯᠭ᠎ᠠ ᠶᠢ ᠬᠡᠷᠡᠭᠵᠢᠬᠦᠯᠦᠨ᠂ ᠬᠡᠷᠡᠭᠯᠡᠭᠴᠢᠳ ᠲᠤ ᠪᠤᠳᠠᠳᠦ ᠠᠰᠢᠭ ᠬᠦᠷᠳᠡᠭᠡᠵᠤ ᠪᠠᠶᠢᠨ᠎ᠠ᠃ ᠤᠯᠠᠭᠠᠨᠬᠤᠲᠠ ᠶᠢᠨ ᠬᠢᠨ ᠡᠸᠤ ᠶᠠ᠂ ᠸᠠᠨ ᠳ᠋ᠠ᠂ ᠵᠢᠶᠠ ᠾᠧ ᠵᠢᠶ᠂ ᠬᠤᠸᠠ ᠱᠧᠩ᠂ ᠬᠠᠶ ᠡᠯ ᠵᠡᠷᠭᠡ ᠭᠤᠤᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ︽ᠴᠠᠭᠠᠨ ᠰᠠᠷ᠎ᠠ ᠶᠢᠨ ᠪᠠᠷᠠᠭᠠᠨ ᠤ ᠴᠤᠭᠯᠠᠭ᠎ᠠ︾ ᠶᠢ ᠡᠷᠬᠢᠯᠡᠵᠦ᠂ ᠪᠠᠶᠠᠷ ᠤᠨ ᠡᠳᠦᠷ ᠤᠨ ᠵᠠᠬ᠎ᠠ ᠲᠡᠯᠭᠡᠬᠦᠷ ᠤᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠣᠯᠠᠨ ᠶᠠᠩᠵᠤ᠂ ᠴᠢᠨᠠᠷ ᠰᠠᠶᠢᠲᠠᠶ ᠪᠠᠷᠠᠭ᠎ᠠ ᠬᠠᠩᠭᠠᠪᠠ᠃ ᠷᠠᠰᠢᠶᠠᠨ ᠬᠤᠳᠠ ︽ᠬᠢᠩᠭᠠᠨ ᠤ ᠰᠠᠶᠢᠨ ᠪᠠᠷᠠᠭ᠎ᠠ ᠶᠢᠨ ᠴᠠᠭᠠᠨ ᠰᠠᠷ᠎ᠠ ᠶᠢᠨ ᠴᠤᠭᠯᠠᠭ᠎ᠠ · ᠷᠠᠰᠢᠶᠠᠨ ᠦᠷᠳᠡᠭᠡ︾ ᠶᠢᠨ ᠠᠵᠢᠯᠯᠠᠭ᠎ᠠ ᠶᠢ ᠨᠠᠷᠢᠨ ᠨᠢᠮᠪᠠᠢ ᠶᠠᠪᠤᠭᠳᠠᠭᠤᠯᠵᠦ᠂ ᠴᠧᠩ ᠶᠤᠸᠠᠢ ᠶᠡᠭᠡ ᠪᠠᠭᠤᠳᠠᠯ᠂ ᠸᠠᠩ ᠪᠦᠭᠡ ᠠᠯᠪᠠᠨ ᠵᠢᠷᠤᠮ ᠤᠨ ᠡᠮᠴᠢᠯᠡᠭᠡ ᠵᠡᠷᠭᠡ ᠲᠠᠪᠴᠠᠩ ᠢ ᠠᠰᠢᠭᠯᠠᠨ᠂ ᠬᠢᠩᠭᠠᠨ ᠠᠶᠢᠮᠠᠭ ᠤᠨ 6 ᠬᠤᠰᠢᠭᠤ ᠰᠢᠶᠠᠨ ᠬᠤᠳᠠ ᠶᠢᠨ ᠴᠢᠨᠠᠷ ᠰᠠᠶᠢᠳᠠᠢ ᠪᠠᠷᠠᠭ᠎ᠠ ᠶᠢ ᠲᠡᠯᠭᠡᠨ ᠦᠵᠡᠬᠦᠯᠵᠦ᠂ 4000 ᠭᠠᠷᠤᠢ ᠵᠢᠭᠤᠯᠴᠢᠯᠠᠭᠴᠢ ᠶᠢᠨ ᠠᠩᠬᠠᠷᠤᠯ ᠢ ᠲᠠᠳᠠᠪᠠ᠃ ᠵᠠᠯᠠᠶᠢᠳ ᠬᠤᠰᠢᠭᠤ ︽ᠴᠠᠭᠠᠨ ᠰᠠᠷ᠎ᠠ ᠶᠢᠨ ᠰᠠᠶᠢᠨ ᠪᠠᠷᠠᠭ᠎ᠠ ᠶᠢᠨ ᠴᠤᠭᠯᠠᠭ᠎ᠠ︾ ᠶᠢ ᠡᠷᠬᠢᠯᠡᠵᠦ᠂ ᠢᠳᠡᠭᠡᠨ ᠤᠮᠳᠠᠭᠠᠨ ᠤ ᠪᠡᠯᠡᠭ ᠤᠨ ᠬᠠᠶᠢᠷᠴᠠᠭ᠂ ᠲᠤᠳᠤᠷᠭ᠎ᠠ᠂ ᠨᠡᠭᠡᠮᠡᠯ ᠤᠨ ᠪᠦᠳᠦᠭᠡᠭᠳᠡᠬᠦᠨ᠂ ᠬᠤᠤᠰ ᠤᠶᠠᠩᠭ᠎ᠠ᠂ ᠰᠢᠬᠢᠷ ᠵᠢᠮᠢᠰ ᠵᠡᠷᠭᠡ ᠤᠨᠴᠠᠯᠢᠬᠳᠤ ᠪᠦᠲᠦᠭᠡᠭᠳᠡᠬᠦᠨ ᠢ ᠪᠤᠷᠤᠯᠠᠭᠤᠯᠪᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ︽ᠠᠶᠠᠯᠭᠤᠳᠦ ᠵᠢᠭᠤᠯᠴᠢᠯᠠᠯ ᠦᠪᠦᠷ ᠮᠤᠩᠭᠤᠯ ᠡᠳᠦᠷ ᠪᠦᠷᠢ ᠰᠢᠨᠡᠯᠡᠬᠦ︾ ᠬᠢᠩᠭᠠᠨ ᠲᠠᠪᠠᠭᠠᠨ ᠳᠠᠬᠢ ᠬᠢᠩᠭᠠᠨ ᠠᠶᠢᠮᠠᠭ ᠲᠠᠩᠰᠤᠭ ᠰᠠᠶᠢᠬᠠᠨ ᠡᠮᠦᠨᠡᠳᠦ ᠬᠤᠰᠢᠭᠤᠨ ᠤ ᠦᠩᠭᠡᠳᠦ ᠳ᠋ᠤᠩ ᠤᠨ ᠠᠵᠢᠯᠯᠠᠭ᠎ᠠ ᠶᠠᠪᠤᠭᠳᠠᠭᠤᠯᠬᠤ ᠬᠤᠭᠤᠴᠠᠭᠠᠨ ᠳᠤ ᠴᠠᠭᠠᠨ ᠰᠠᠷ᠎ᠠ ᠶᠢᠨ ᠪᠠᠷᠠᠭ᠎ᠠ ᠪᠤᠷᠤᠯᠠᠭᠤᠯᠬᠤ᠂ ᠨᠠᠩᠬᠢ ᠪᠤᠤᠪᠤ᠂ ᠨᠠᠩᠬᠢ ᠡᠷᠳᠡᠨᠢ ᠰᠢᠰᠢ᠂ ᠪᠠᠯ᠂ ᠵᠢᠭᠠᠰᠦ ᠵᠡᠷᠭᠡ ᠭᠠᠵᠠᠷ ᠤᠷᠤᠨ ᠤ ᠤᠨᠴᠠᠯᠢᠬᠳᠦ ᠠᠮᠳᠠᠳᠦ ᠢᠳᠡᠭᠡᠨ ᠢ ᠪᠤᠷᠤᠯᠠᠭᠤᠯᠬᠤ ᠠᠵᠢᠯᠯᠠᠭ᠎ᠠ ᠶᠢ ᠶᠠᠪᠤᠭᠳᠠᠭᠤᠯᠵᠦ᠂ ᠵᠢᠭᠤᠯᠴᠢᠯᠠᠭᠴᠢᠳ ᠤᠨ ᠬᠦᠷᠢᠶᠡᠯᠡᠯ ᠢ ᠤᠯᠵᠠᠢ᠃ ᠲᠦᠴᠢᠦᠸᠠᠨ ᠰᠢᠶᠠᠨ ᠨᠤᠲᠤᠭ ᠤᠨ ᠢᠳᠡᠭᠡᠨ ᠤᠮᠳᠠᠭᠠᠨ ᠤ ᠰᠣᠶᠣᠯ ᠤᠨ ᠠᠭᠤᠯᠬᠤᠨ ᠢ ᠭᠦᠨᠵᠡᠭᠡᠢ ᠠᠭᠤᠳᠠᠯᠵᠤ᠂ ᠯᠢᠦ ᠬᠤ᠋ ᠶᠢᠨ ᠬᠠᠳᠠᠭᠠᠮᠠᠯ ᠳ᠋ᠸᠤᠹᠦ᠋᠂ ᠲᠦᠴᠢᠦᠸᠠᠨ ᠤ ᠵᠢᠶᠠᠩ᠂ ᠪᠣᠷᠣ ᠬᠠᠯᠢᠰᠤᠲᠤ ᠰᠠᠷᠢᠮᠰᠠᠭ ᠵᠡᠷᠭᠡ ᠤᠨᠴᠠᠯᠢᠬᠳᠤ ᠠᠵᠤ ᠦᠢᠯᠡᠰ ᠲᠤ ᠲᠦᠰᠢᠭᠯᠡᠨ᠂ ᠲᠤᠰ ᠭᠠᠵᠠᠷ ᠤᠨ ᠤᠯᠠᠮᠵᠢᠯᠠᠯᠲᠤ ᠬᠤᠭᠤᠯᠠ ᠬᠢᠬᠦ ᠤᠷ᠎ᠠ ᠮᠡᠷᠭᠡᠵᠢᠯ ᠲᠠᠢ ᠤᠶᠠᠯᠳᠤᠭᠤᠯᠵᠤ᠂ ︽ᠴᠠᠭᠠᠨ ᠰᠠᠷ᠎ᠠ ᠶᠢᠨ ᠪᠠᠷᠠᠭ᠎ᠠ ᠶᠢᠨ ᠴᠤᠭᠯᠠᠭ᠎ᠠ︾ ᠲᠡᠭᠡᠷ᠎ᠠ ᠦᠷᠭᠡᠨ ᠢᠶᠠᠷ ᠤᠬᠠᠭᠤᠯᠤᠨ ᠲᠡᠯᠭᠡᠷᠡᠬᠦᠯᠵᠦ᠂ ᠦᠢᠯᠡᠳᠬᠦᠨ ᠤ ᠲᠦᠷᠦᠯ ᠲᠡᠮᠳᠡᠭ ᠤᠨ ᠠᠯᠳᠠᠷᠰᠢᠯ ᠢ ᠪᠦᠲᠦᠮᠵᠢᠲᠡᠢ ᠳᠡᠭᠡᠭᠰᠢᠯᠡᠭᠦᠯᠵᠡᠢ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2025 ᠣᠨ ᠤ ᠴᠠᠭᠠᠨ ᠰᠠᠷ᠎ᠠ ᠶᠢᠨ ᠪᠠᠷᠠᠭ᠎ᠠ ᠶᠢᠨ ᠴᠤᠭᠯᠠᠭ᠎ᠠ ᠶᠢᠨ ᠠᠵᠢᠯᠯᠠᠭ᠎ᠠ ᠶᠢ ᠶᠠᠪᠤᠭᠳᠠᠭᠤᠯᠵᠦ᠂ ᠥᠪᠡᠷᠮᠢᠴᠡ ᠣᠨᠴᠠᠯᠢᠭ ᠲᠠᠢ ᠴᠠᠭᠠᠨ ᠰᠠᠷ᠎ᠠ ᠶᠢᠨ ᠪᠠᠷᠠᠭᠠᠨ ᠤ ᠳᠡᠯᠭᠡᠨ ᠪᠣᠷᠣᠯᠠᠭᠤᠯᠭ᠎ᠠ᠂ ᠠᠷᠠᠳ ᠤᠨ ᠵᠠᠩ ᠦᠢᠯᠡ ᠶᠢᠨ ᠰᠣᠶᠣᠯ ᠤᠨ ᠣᠶᠢᠯᠠᠭᠠᠯᠲᠠ᠂ ᠠᠮᠲᠠᠲᠤ ᠢᠳᠡᠭᠡᠨ ᠤ ᠵᠡᠭᠡᠯᠢ ᠲᠣᠭᠤᠷᠢᠭ ᠵᠡᠷᠭᠡ ᠡᠯᠪᠡᠭ ᠪᠠᠶᠠᠯᠢᠭ ᠲᠥᠷᠥᠯ ᠵᠦᠢᠯ ᠢ ᠳᠣᠭᠢᠷᠠᠭᠤᠯᠵᠤ᠂ ᠵᠢᠭᠤᠯᠴᠢᠯᠠᠭᠴᠢᠳ ᠤᠨ ᠪᠡᠶᠡᠴᠢᠯᠡᠨ ᠤᠶᠢᠯᠠᠭᠠᠯᠳᠠ ᠶᠢ ᠤᠯᠠᠮ ᠢᠶᠠᠷ ᠲᠡᠭᠡᠭᠰᠢᠯᠡᠬᠦᠯᠵᠡᠢ᠃ · ᠭᠤᠤᠯᠴᠢ ᠯᠢ ᠵᠢᠶᠠᠨ ᠫᠢᠩ ·      ︽ᠬᠠᠭᠤᠴᠢᠨ ᠢᠶᠠᠷ ᠰᠢᠨ᠎ᠡ ᠶᠢ ᠰᠤᠯᠢᠬᠤ︾ ᠠᠵᠢᠯᠯᠠᠭ᠎ᠠ ᠨᠢ ᠠᠷᠠᠳ ᠲᠤ ᠦᠨᠡᠨᠬᠦ ᠬᠠᠷᠠᠭᠠᠯᠵᠠᠯ ᠬᠦᠷᠳᠡᠭᠡᠵᠠᠢ        ︽ᠰᠢᠨ᠎ᠡ ᠭᠡᠷ ᠲᠡᠭᠡᠨ ᠨᠡᠭᠦᠵᠤ ᠤᠷᠤᠬᠤ ᠭᠡᠳ ᠪᠢ ᠠᠭᠠᠷ ᠲᠤᠬᠢᠷᠠᠭᠤᠯᠤᠭᠴᠢ᠂ ᠲᠤᠯᠸᠢᠰ᠂ ᠤᠰᠤ ᠬᠠᠯᠠᠭᠠᠭᠤᠷ ᠵᠡᠷᠭᠡ ᠭᠡᠷ ᠤᠨ ᠴᠠᠬᠢᠯᠭᠠᠨ ᠬᠡᠷᠡᠭᠰᠡᠯ ᠢ ᠰᠤᠩᠭᠤᠪᠠ᠂ ᠤᠤᠯ ᠤᠨ ᠦᠨ᠎ᠡ ᠬᠠᠩᠰᠢ ᠪᠠᠷ ᠪᠤᠳᠤᠪᠠᠯ 14000 ᠲᠦᠭᠦᠷᠢᠭ ᠬᠦᠷᠦᠨ᠎ᠡ᠂ ︿ᠤᠯᠤᠰ ᠤᠨ ᠨᠦᠬᠦᠪᠦᠷᠢ﹀ ᠪᠤᠯᠤᠨ ᠬᠤᠳᠠᠯᠳᠤᠭᠠᠨ ᠤ ᠲᠠᠯᠠᠪᠤᠷ ᠤᠨ ᠬᠠᠷᠠᠭᠠᠯᠵᠠᠯ ᠤᠨ ᠲᠠᠷᠠᠭ᠎ᠠ ᠰᠠᠶ᠋ᠢ 1 ᠲᠦᠮᠡ ᠭᠠᠷᠤᠢ ᠲᠦᠭᠦᠷᠢᠭ ᠵᠠᠷᠤᠴᠠᠭᠤᠯᠵᠤ᠂ 4000 ᠲᠦᠭᠦᠷᠢᠭ ᠠᠷᠪᠢᠯᠠᠵᠠᠢ ︾ ᠭᠡᠵᠦ ᠤᠯᠠᠭᠠᠨᠬᠤᠳᠠ ᠶᠢᠨ ᠰᠠᠭᠤᠭᠠᠯᠢ ᠠᠷᠠᠳ ᠪᠤᠤ ᠠᠪᠠᠭ᠋ᠠᠢ ᠲᠠᠨᠢᠯᠴᠠᠭᠤᠯᠤᠨ ᠬᠡᠯᠡᠨ᠎ᠡ᠃ ᠭᠡᠷ ᠤᠨ ᠴᠠᠬᠢᠯᠭᠠᠨ ᠬᠡᠷᠡᠭᠰᠡᠯ ᠢᠶᠠᠨ ᠬᠤᠳᠠᠯᠳᠤᠨ ᠠᠪᠤᠭᠰᠠᠨ ᠤ ᠲᠠᠷᠠᠭ᠎ᠠ ᠪᠤᠤ ᠠᠪᠠᠭ᠋ᠠᠢ ᠭᠠᠷ ᠤᠳᠠᠰᠤᠨ ᠤ ︽ᠶᠦᠨ ᠱᠠᠨ ᠹᠦ᠋︾ APP ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠨᠢᠭᠤᠷ ᠲᠤ ᠤᠷᠤᠵᠦ᠂ ᠦᠨᠡᠨ ᠨᠡᠷ᠎ᠡ ᠪᠠᠷ ᠳᠠᠩᠰᠠᠯᠠᠵᠤ ᠬᠡᠷ ᠤᠨ ᠴᠠᠬᠢᠯᠭᠠᠨ ᠬᠡᠷᠡᠭᠰᠡᠯ ᠤᠨ ᠨᠦᠬᠦᠪᠦᠷᠢ ᠮᠦᠩᠬᠦ ᠶᠢ ᠭᠤᠶᠤᠴᠢᠯᠠᠨ ᠤᠯᠵᠠᠢ᠃        2025 ᠣᠨ ᠳᠤ᠂ ᠬᠡᠷᠡᠭᠯᠡᠭᠴᠢᠳ ᠲᠤ ᠪᠠᠰᠠ ᠨᠢᠭᠡ ᠡᠭᠡᠯᠵᠢ ᠶᠢᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠳᠡᠭᠡᠬᠦ ᠪᠤᠯᠵᠠᠢ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠡᠷ ᠤᠨ ᠴᠠᠬᠢᠯᠭᠠᠨ ᠬᠡᠷᠡᠭᠰᠡᠯ ᠳᠤ ᠨᠦᠬᠦᠪᠦᠷᠢ ᠦᠭᠬᠦ ᠬᠡᠪᠴᠢᠶ᠎ᠡ ᠶᠢ 12 ᠲᠥᠷᠥᠯ ᠪᠤᠯᠭᠠᠨ ᠨᠡᠮᠡᠭᠳᠡᠭᠦᠯᠵᠦ᠂ ᠭᠠᠷ ᠤᠳᠠᠰᠦ᠂ ᠬᠠᠪᠳᠠᠭᠠᠢ ᠤᠶᠤᠨᠳᠦ ᠺᠤᠮᠫᠢᠦ᠋ᠲᠤᠷ᠂ ᠤᠶᠤᠨᠳᠦ ᠭᠠᠷ ᠴᠠᠭ ᠵᠡᠷᠭᠡ 3 ᠲᠦᠷᠦᠯ ᠤᠨ ᠲᠤᠭᠠᠴᠠᠯᠠᠭᠰᠠᠨ ᠦᠢᠯᠡᠳᠬᠦᠨ ᠬᠤᠳᠠᠯᠳᠤᠨ ᠠᠪᠬᠤ ᠳᠤ ᠬᠠᠮᠤᠭ ᠤᠨ ᠦᠨᠳᠦᠷ ᠲᠡᠭᠡᠨ 500 ᠲᠥᠭᠦᠷᠢᠭ ᠨᠦᠬᠦᠪᠦᠷᠢᠯᠡᠨ᠎ᠡ︔ ᠰᠢᠨ᠎ᠡ ᠡᠨᠤᠷᠬᠢ ᠶᠢᠨ ᠮᠠᠰᠢᠨ ᠲᠡᠷᠭᠡ ᠬᠤᠳᠠᠯᠳᠤᠨ ᠠᠪᠬᠤ ᠳᠤ 2 ᠲᠦᠮᠡᠨ ᠲᠦᠭᠦᠷᠢᠭ ᠨᠦᠬᠦᠪᠦᠷᠢᠯᠡᠵᠤ᠂ 2.0 ᠯᠢᠲᠷ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠬᠡᠮᠵᠢᠶ᠎ᠡ ᠲᠠᠢ ᠰᠢᠲᠠᠭᠠᠯᠭ᠎ᠠ ᠶᠢᠨ ᠲᠤᠰᠤᠨ ᠤ ᠮᠠᠰᠢᠨ ᠲᠡᠷᠭᠡ ᠬᠤᠳᠠᠯᠳᠤᠨ ᠠᠪᠬᠤ ᠳᠤ 1.5 ᠲᠦᠮᠡᠨ ᠲᠥᠭᠦᠷᠢᠭ ᠨᠦᠬᠦᠪᠦᠷᠢᠯᠡᠨ᠎ᠡ ᠁ ᠬᠡᠷᠡᠭᠯᠡᠭᠡᠨ ᠤ ᠵᠦᠢᠯᠡᠰ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠬᠦᠷᠢᠶ᠎ᠡ ᠬᠡᠪᠴᠢᠶ᠎ᠡ ᠶᠢ ᠦᠷᠭᠡᠳᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠲᠠᠭᠠᠯᠳᠤᠨ᠂ ᠦᠨᠡᠨ ᠪᠤᠳᠠᠳᠠᠢ ᠬᠠᠷᠠᠭᠠᠯᠵᠠᠯ ᠨᠢ ᠠᠷᠠᠳ ᠤᠯᠠᠨ ᠤ ︽ᠬᠠᠭᠤᠴᠢᠨ ᠢᠶᠠᠷ ᠰᠢᠨ᠎ᠡ ᠶᠢ ᠰᠤᠯᠢᠬᠤ︾ ᠠᠵᠢᠯᠯᠠᠭ᠎ᠠ ᠳᠤ ᠤᠷᠤᠯᠴᠠᠨ ᠭᠡᠷ ᠤᠨ ᠴᠠᠬᠢᠯᠭᠠᠨ ᠬᠡᠷᠡᠭᠰᠡᠯ ᠬᠤᠳᠠᠯᠳᠤᠨ ᠠᠪᠬᠤ ᠢᠳᠡᠪᠬᠢᠵᠢᠯ ᠢ ᠲᠡᠭᠡᠭᠰᠢᠯᠡᠬᠦᠯᠪᠡ᠃        ︽3C ᠦᠢᠯᠡᠳᠬᠦᠨ ᠤ ︿ᠬᠠᠭᠤᠴᠢᠨ ᠢᠶᠠᠷ ᠰᠢᠨ᠎ᠡ ᠶᠢ ᠰᠤᠯᠢᠬᠤ﹀ ᠲᠦᠷᠦ ᠶᠢᠨ ᠪᠤᠳᠤᠯᠭ᠎ᠠ ᠨᠢ ᠬᠡᠷᠡᠭᠯᠡᠭᠴᠢᠳ ᠲᠤ ᠪᠤᠳᠠᠳᠦ ᠠᠰᠢᠭ ᠬᠦᠷᠳᠡᠭᠡᠭᠰᠡᠨ ᠢᠶᠠᠷ ᠪᠠᠷᠠᠬᠤ ᠦᠭᠡᠢ ᠪᠠᠰᠠ ᠬᠤᠳᠠᠯᠳᠤᠭᠠᠴᠢᠳ ᠤᠨ ᠪᠤᠷᠤᠯᠠᠭᠤᠯᠭ᠎ᠠ ᠶᠢ ᠨᠡᠮᠡᠭᠳᠡᠬᠦᠯᠵᠡᠢ᠃ 2025 ᠣᠨ ᠤ 1 ᠰᠠᠷ᠎ᠠ ᠠᠴᠠ ᠨᠠᠭᠠᠰᠢ᠂ ᠮᠠᠨ ᠤ ᠪᠥᠬᠦ ᠪᠣᠷᠣᠯᠠᠭᠤᠯᠭ᠎ᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 20% ᠪᠠᠷ ᠨᠡᠮᠡᠭᠳᠡᠵᠦ᠂ ᠭᠠᠷ ᠤᠲᠠᠰᠤᠨ ᠤ ᠪᠣᠷᠣᠯᠠᠭᠤᠯᠭ᠎ᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 30% ᠪᠠᠷ ᠨᠡᠮᠡᠭᠳᠡᠵᠡᠶ︾ ᠭᠡᠵᠦ ᠤᠯᠠᠭᠠᠨᠬᠤᠲᠠ ᠶᠢᠨ ᠬᠤᠸᠠ ᠱᠧᠩ ᠬᠢᠵᠠᠭᠠᠷᠳᠦ ᠺᠤᠮᠫᠠᠨᠢ ᠶᠢᠨ ᠲᠡᠳ᠋ ᠶᠡᠷᠦᠩᠭᠡᠢ ᠲᠠᠭᠠᠭᠠᠮᠠᠯ ᠯᠢ ᠰᠢᠶᠠᠩ ᠲᠠᠨᠢᠯᠴᠠᠭᠤᠯᠪᠠ᠃        ᠤᠯᠠᠭᠠᠨᠬᠤᠲᠠ ᠶᠢᠨ ᠸᠠᠨ ᠳ᠋ᠠ ᠠᠭᠤᠳᠠᠮ ᠲᠠᠯᠠᠪᠠᠶ ᠶᠢᠨ ᠬᠤᠸᠠ ᠸᠧᠢ ᠶᠢᠨ ᠡᠷᠭᠡ ᠤᠯᠭᠤᠭᠰᠠᠨ ᠪᠡᠶᠡᠴᠢᠯᠡᠨ ᠤᠶᠢᠯᠠᠭᠠᠬᠤ ᠲᠡᠯᠭᠡᠬᠦᠷ ᠲᠤ ︽ᠬᠠᠮᠤᠭ ᠦᠨᠳᠦᠷ ᠲᠡᠭᠡᠨ 500 ᠲᠦᠭᠦᠷᠢᠭ ᠤᠨ ᠬᠠᠷᠠᠭᠠᠯᠵᠠᠯ ᠦᠵᠡᠬᠦᠯᠦᠨ᠎ᠡ︾ ᠭᠡᠬᠦ ᠤᠬᠠᠭᠤᠯᠭ᠎ᠠ ᠶᠢᠨ ᠫᠠᠶᠢᠰᠠ ᠨᠢ ᠬᠠᠮᠤᠭ ᠠᠴᠠ ᠢᠯᠡ ᠬᠠᠷᠠᠭᠳᠠᠨ᠎ᠠ᠃ ᠯᠠᠩᠬᠦᠢ ᠶᠢᠨ ᠡᠮᠦᠨ᠎ᠡ᠂ ᠬᠤᠳᠠ ᠶᠢᠨ ᠠᠷᠠᠳ ᠤᠶᠤᠨᠳᠦ ᠭᠠᠷ ᠴᠠᠭ ᠰᠤᠩᠭᠤᠨ᠎ᠠ᠃ ︽ᠪᠢ ᠬᠤᠸᠠ ᠸᠧᠢ ᠶᠢᠨ ᠤᠶᠤᠨᠳᠦ ᠭᠠᠷ ᠴᠠᠭ ᠠᠪᠬᠤ ᠰᠠᠨᠠᠭ᠎ᠠ ᠲᠠᠢ ᠪᠠᠶᠢᠵᠠᠢ᠂ ᠤᠤᠯ ᠤᠨ ᠦᠨ᠎ᠡ ᠨᠢ 2488 ᠲᠦᠭᠦᠷᠢᠭ᠂ ᠬᠠᠷᠠᠭᠠᠯᠵᠠᠯ ᠤᠨ ᠲᠠᠷᠠᠭ᠎ᠠ ᠰᠠᠶ᠋ᠢ 2114 ᠲᠦᠭᠦᠷᠢᠭ ᠪᠤᠯᠵᠠᠢ︾ ᠭᠡᠵᠦ ᠤᠯᠠᠭᠠᠨᠬᠤᠳᠠ ᠶᠢᠨ ᠠᠷᠠᠳ ᠴᠧᠨ ᠠᠪᠤᠭᠠᠢ ᠪᠠᠶᠠᠷ ᠬᠦᠷ ᠲᠠᠢ ᠬᠡᠯᠡᠨ᠎ᠡ᠃        ︽ᠤᠶᠢᠷ᠎ᠠ ᠶᠢᠨ ᠬᠤᠭᠤᠴᠠᠭᠠᠨ ᠳᠤ 3C ᠦᠢᠯᠡᠳᠬᠦᠨ ᠤ ᠪᠦᠬᠦᠶᠢᠯᠡ ᠪᠣᠷᠣᠯᠠᠭᠤᠯᠭ᠎ᠠ ᠶᠢᠨ ᠬᠡᠮᠵᠢᠶ᠎ᠡ ᠢᠯᠡᠳᠲᠡ ᠲᠡᠭᠡᠭᠰᠢᠯᠡᠵᠦ᠂ ᠪᠤᠷᠤᠯᠠᠭᠤᠯᠭ᠎ᠠ ᠶᠢᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 120% ᠨᠡᠮᠡᠭᠳᠡᠵᠡᠢ︾ ᠭᠡᠵᠦ ᠤᠯᠠᠭᠠᠨᠬᠤᠳᠠ ᠶᠢᠨ ᠸᠠᠨ ᠳ᠋ᠠ ᠠᠭᠤᠳᠠᠮ ᠲᠠᠯᠠᠪᠠᠢ ᠶᠢᠨ ᠬᠤᠸᠠ ᠸᠧᠢ ᠶᠢᠨ ᠡᠷᠭᠡ ᠤᠯᠭᠤᠭᠰᠠᠨ ᠪᠡᠶᠡᠴᠢᠯᠡᠨ ᠤᠶᠢᠯᠠᠭᠠᠬᠤ ᠲᠡᠯᠭᠡᠬᠦᠷ ᠤᠨ ᠶᠠᠩ ᠵᠢᠩ ᠬᠡᠯᠡᠪᠡ᠃        ᠬᠡᠷ ᠤᠨ ᠴᠠᠬᠢᠯᠭᠠᠨ ᠬᠡᠷᠡᠭᠰᠡᠯ ᠤᠨ ᠲᠣᠭᠠᠴᠢᠯᠠᠭᠰᠠᠨ ᠦᠢᠯᠡᠳᠬᠦᠨ ᠤ ᠪᠤᠷᠤᠯᠠᠭᠤᠯᠭ᠎ᠠ ᠬᠦᠭᠵᠢᠶᠡᠨᠳᠡᠢ ᠪᠠᠷ ᠪᠠᠷᠠᠬᠤ ᠦᠭᠡᠢ ᠮᠠᠰᠢᠨ ᠲᠡᠷᠭᠡᠨ ᠤ ᠪᠤᠷᠤᠯᠠᠭᠤᠯᠭ᠎ᠠ ᠴᠤ ᠤᠯᠠᠮ ᠬᠦᠭᠵᠢᠶᠡᠨᠳᠡᠢ ᠪᠤᠯᠪᠠ᠃ ᠬᠢᠩᠭᠠᠨ ᠠᠶᠢᠮᠠᠭ ᠤᠨ ᠯᠢᠩ ᠫᠤᠤ ᠪᠡᠶᠡᠴᠢᠯᠡᠨ ᠤᠶᠢᠯᠠᠭᠠᠬᠤ ᠲᠦᠪ ᠤᠨ ᠮᠤᠤ ᠷᠦᠢ ᠲᠡᠯᠭᠡᠬᠦᠷ ᠲᠤ ᠴᠦᠭᠡᠨ ᠪᠤᠰᠦ ᠬᠤᠳᠠ ᠶᠢᠨ ᠠᠷᠠᠳ ᠰᠢᠨ᠎ᠡ ᠮᠠᠰᠢᠨ ᠲᠡᠷᠭᠡ ᠠᠪᠬᠤ ᠪᠠᠷ ᠲᠤᠭᠤᠷᠢᠨ ᠦᠵᠡᠨ᠎ᠡ᠃ ︽ᠪᠢ 2014 ᠤᠨ ᠳᠤ ᠰᠢᠨ᠎ᠡ ᠮᠠᠰᠢᠨ ᠳᠡᠷᠭᠡ ᠬᠤᠳᠠᠯᠳᠤᠨ ᠠᠪᠴᠠᠢ᠂ ᠤᠯᠤᠰ ᠤᠨ ᠨᠦᠬᠦᠪᠦᠷᠢ ᠶᠢᠨ ᠬᠠᠷᠠᠭᠠᠯᠵᠠᠯ ᠪᠠ ᠬᠤᠳᠠᠯᠳᠤᠭᠠᠨ ᠤ ᠲᠡᠯᠭᠡᠬᠦᠷ ᠤᠨ ᠬᠠᠷᠠᠭᠠᠯᠵᠠᠯ᠂ ᠬᠠᠭᠤᠴᠢᠨ ᠢᠶᠠᠷ ᠰᠢᠨ᠎ᠡ ᠶᠢ ᠰᠤᠯᠢᠬᠤ ᠬᠠᠷᠠᠭᠠᠯᠵᠠᠯ ᠤᠨ ᠲᠠᠷᠠᠭ᠎ᠠ 15.58 ᠲᠦᠮᠡᠨ ᠲᠦᠭᠦᠷᠢᠭ ᠤᠨ ᠰᠢᠨ᠎ᠡ ᠡᠨᠧᠷᠬᠢ ᠶᠢᠨ ᠮᠠᠰᠢᠨ ᠲᠡᠷᠭᠡ ᠶᠢ 12.18 ᠲᠦᠮᠡᠨ ᠲᠦᠭᠦᠷᠢᠭ ᠢᠶᠠᠷ ᠬᠤᠳᠠᠯᠳᠤᠨ ᠠᠪᠴᠠᠢ︾ ᠭᠡᠵᠦ ᠵᠧᠦ ᠠᠪᠤᠭᠠᠶ ᠬᠡᠯᠡᠪᠡ᠃        ᠰᠢᠨ᠎ᠡ ᠲᠦᠷᠦ ᠶᠢᠨ ᠪᠤᠳᠤᠯᠭ᠎ᠠ ᠨᠢ ᠮᠠᠰᠢᠨ ᠲᠡᠷᠭᠡᠨ ᠤ ᠵᠠᠬ᠎ᠠ ᠲᠡᠯᠭᠡᠬᠦᠷ ᠢ ᠤᠯᠠᠮ ᠬᠦᠭᠵᠢᠶᠡᠨ ᠲᠠᠢ ᠪᠤᠯᠭᠠᠵᠤ᠂ ᠴᠦᠭᠡᠨ ᠪᠤᠰᠦ ᠮᠠᠰᠢᠨ ᠲᠡᠷᠭᠡᠨ ᠤ ᠬᠤᠳᠠᠯᠳᠤᠭᠠᠨ ᠤ ᠲᠡᠯᠭᠡᠬᠦᠷ ᠴᠠᠬᠢᠯᠭᠠᠨ ᠴᠡᠨᠡᠭᠯᠡᠬᠦ ᠳᠤᠨᠤᠬ ᠬᠦᠷᠭᠡᠬᠦ᠂ ᠰᠦᠢᠳᠭᠡᠯ ᠬᠤᠷᠢᠶᠠᠬᠤ ᠦᠭᠡᠢ ᠪᠠᠷ ᠤᠭᠰᠠᠷᠠᠬᠤ ᠵᠡᠷᠭᠡ ᠬᠠᠷᠠᠭᠠᠯᠵᠠᠯ ᠦᠵᠡᠭᠦᠯᠵᠤ ᠪᠤᠢ᠃ ︽2025 ᠣᠨ ᠤ 1 ᠰᠠᠷ᠎ᠠ ᠠᠴᠠ ᠨᠠᠭᠠᠰᠢ᠂ ᠪᠢᠳᠡ ᠨᠢᠭᠡᠨᠲᠡ 32 ᠰᠠᠤᠷᠢ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠪᠠ︾ ᠭᠡᠵᠦ ᠬᠢᠩᠭᠠᠨ ᠠᠶᠢᠮᠠᠭ ᠤᠨ ᠯᠢᠩ ᠫᠤᠤ ᠪᠡᠶᠡᠴᠢᠯᠡᠨ ᠤᠶᠢᠯᠠᠭᠠᠬᠤ ᠲᠦᠪ ᠤᠨ ᠮᠤᠤ ᠷᠦᠢ ᠲᠡᠯᠭᠡᠬᠦᠷ ᠤᠨ ᠯᠢᠦ ᠮᠧᠩ ᠶᠤᠸᠠᠨ ᠬᠡᠯᠡᠪᠡ᠃        2025 ᠣᠨ ᠳᠤ᠂ ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠬᠡᠷᠡᠭᠯᠡᠭᠡᠨ ᠤ ᠵᠦᠢᠯᠡᠰ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠦᠷᠦ ᠶᠢᠨ ᠪᠤᠳᠤᠯᠭ᠎ᠠ ᠶᠢᠨ ᠨᠡᠩ ᠶᠡᠭᠡ ᠦᠷ᠎ᠠ ᠪᠦᠳᠦᠮᠵᠢ ᠤᠯᠬᠤ ᠶᠢ ᠠᠬᠢᠭᠤᠯᠵᠦ᠂ ᠲᠤᠭᠠᠴᠢᠯᠠᠭᠰᠠᠨ ᠮᠡᠷᠭᠡᠵᠢᠯ ᠢᠶᠠᠷ ᠬᠦᠴᠦᠨ ᠨᠡᠮᠡᠷᠢᠯᠡᠬᠦ ᠶᠢ ᠴᠢᠩᠭᠠᠳᠬᠠᠨ ᠂ ᠠᠷᠠᠳ ᠲᠤ ᠲᠦᠬᠦᠮ ᠦᠵᠡᠬᠦᠯᠬᠦ ᠦᠢᠯᠡᠴᠢᠯᠡᠭᠡᠨ ᠤ ᠲᠦᠪᠰᠢᠨ ᠢ ᠦᠷᠬᠦᠯᠵᠢᠯᠡᠨ ᠲᠡᠭᠡᠭᠰᠢᠯᠡᠬᠦᠯᠵᠦ᠂ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠠᠶᠤᠯ ᠲᠦᠭᠰᠢᠬᠦᠷᠢ ᠶᠢ ᠰᠡᠷᠭᠡᠶᠢᠯᠡᠬᠦ ᠠᠵᠢᠯ ᠢ ᠬᠦᠨᠵᠡᠭᠡᠢ ᠨᠠᠷᠢᠨ ᠨᠢᠮᠪᠠᠢ ᠰᠠᠶᠢᠳᠤᠷ ᠬᠢᠵᠦ᠂ ᠤᠯᠠᠨ ᠲᠦᠮᠡᠨ ᠳᠤ ᠦᠨᠡᠨᠬᠦ ᠠᠰᠢᠭ ᠬᠦᠷᠳᠡᠭᠡᠵᠡᠢ᠃ · ᠲᠤᠯᠭᠠᠭᠤᠷᠢ ᠬᠠᠨ ᠢᠦᠶ ᠭᠧ ·      ᠰᠢᠭᠤᠳ ᠨᠡᠪᠳᠡᠷᠡᠬᠦᠯᠭᠡ ᠪᠠᠷ ᠪᠠᠷᠠᠭ᠎ᠠ ᠪᠤᠷᠤᠯᠠᠭᠤᠯᠵᠦ ᠲᠠᠷᠢᠶᠠᠯᠠᠩ ᠤᠨ ᠤᠨᠴᠠ ᠭᠠᠷᠤᠯᠳᠠ ᠶᠢ ᠠᠯᠳᠠᠷᠰᠢᠭᠤᠯᠤᠨ᠎ᠠ        ︽ᠺᠧ ᠴᠢᠨ ᠸᠠᠨ ᠵᠢᠶᠠ ᠶᠢᠨ ᠲᠠᠪᠤᠰᠤᠯᠠᠭᠰᠠᠨ ᠨᠤᠭᠤᠭ᠎ᠠ ᠠᠮᠳᠠ ᠰᠠᠶᠢᠳᠠᠢ᠂ ᠤᠳᠤ ᠪᠠᠷ ᠬᠤᠳᠠᠯᠳᠤᠨ ᠠᠪᠬᠤ ᠳᠤ ᠦᠨ᠎ᠡ ᠬᠠᠩᠰᠢ ᠶᠢᠨ ᠬᠠᠷᠠᠭᠠᠯᠵᠠᠯ ᠲᠠᠢ ᠁︾ ᠭᠡᠵᠦ ᠦᠪᠦᠷ ᠮᠤᠩᠭᠤᠯ ᠤᠨ ᠺᠧ ᠴᠢᠨ ᠸᠠᠨ ᠵᠢᠶᠠ ᠢᠳᠡᠭᠡᠨ ᠤ ᠬᠢᠵᠠᠭᠠᠷᠳᠦ ᠺᠤᠮᠫᠠᠨᠢ ᠶᠢᠨ ᠰᠢᠭᠤᠳ ᠨᠡᠪᠳᠡᠷᠡᠬᠦᠯᠭᠡ ᠶᠢᠨ ᠲᠠᠰᠤᠭ ᠲᠤ ᠰᠢᠭᠤᠳ ᠨᠡᠪᠳᠡᠷᠡᠬᠦᠯᠦᠭᠴᠢ ᠠᠴᠠ ᠰᠦᠯᠵᠢᠶᠡᠨ ᠠᠨᠳᠠ ᠳᠤ ᠡᠯ᠎ᠡ ᠲᠦᠷᠦᠯ ᠤᠨ ᠪᠦᠳᠦᠭᠡᠭᠳᠡᠬᠦᠨ ᠢᠶᠠᠨ ᠲᠠᠨᠢᠯᠴᠠᠭᠤᠯᠤᠨ᠎ᠠ᠃        ︽ᠮᠠᠨ ᠤ ᠠᠵᠤ ᠠᠬᠤᠶᠢᠯᠠᠯ ᠤᠨ ᠣᠶᠢᠷ᠎ᠠ ᠶᠢᠨ ᠬᠤᠭᠤᠴᠠᠭᠠᠨ ᠤ ᠰᠢᠭᠤᠳ ᠨᠡᠪᠲᠡᠷᠡᠭᠦᠯᠭᠡ ᠶᠢᠨ ᠦᠷ᠎ᠡ ᠪᠦᠲᠦᠮᠵᠢ ᠨᠡᠯᠢᠶᠡᠳ ᠰᠠᠶᠢᠨ ᠪᠠᠶᠢᠨ᠎ᠠ᠂ ᠨᠢᠭᠡ ᠤᠳᠠᠭ᠎ᠠ ᠶᠢᠨ ᠰᠢᠭᠤᠳ ᠨᠡᠪᠲᠡᠷᠡᠭᠦᠯᠭᠡ ᠶᠢᠨ ᠪᠣᠷᠣᠯᠠᠭᠤᠯᠭ᠎ᠠ ᠶᠢᠨ ᠬᠡᠮᠵᠢᠶ᠎ᠡ ᠬᠠᠮᠤᠭ ᠦᠨᠳᠦᠷ ᠲᠡᠭᠡᠨ 200 ᠭᠠᠷᠤᠢ ᠵᠠᠬᠢᠶᠠᠯᠠᠭ᠎ᠠ ᠶᠢᠨ ᠬᠠᠭᠤᠳᠠᠰᠦ ᠲᠤᠰᠴᠠᠢ᠂ 2024 ᠣᠨ ᠤ ᠰᠡᠬᠦᠯᠴᠢ ᠠᠴᠠ ᠤᠳᠤ ᠪᠤᠯᠳᠠᠯ᠎ᠠ ᠰᠦᠯᠵᠢᠶᠡᠨ ᠲᠡᠭᠡᠷ᠎ᠠ ᠨᠢᠭᠡᠨᠳᠡ 130 ᠭᠠᠷᠤᠢ ᠲᠦᠮᠡᠨ ᠲᠦᠭᠦᠷᠢᠭ ᠪᠤᠷᠤᠯᠠᠭᠤᠯᠵᠠᠢ︔ 2024 ᠣᠨ ᠤ ᠪᠥᠬᠦ ᠵᠢᠯ ᠤᠨ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢᠨ ᠬᠡᠮᠵᠢᠶ᠎ᠡ 1200 ᠭᠠᠷᠤᠶ ᠲᠦᠮᠡᠨ ᠲᠥᠭᠦᠷᠢᠭ ᠲᠤ ᠬᠦᠷᠴᠦ᠂ ᠦᠡᠭᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 20% ᠪᠠᠷ ᠨᠡᠮᠡᠭᠳᠡᠵᠡᠶ︾ ᠭᠡᠵᠦ ᠥᠪᠥᠷ ᠮᠣᠩᠭᠤᠯ ᠤᠨ ᠺᠧ ᠴᠢᠨ ᠸᠠᠨ ᠵᠢᠶᠠ ᠢᠳᠡᠭᠡᠨ ᠤ ᠬᠢᠵᠠᠭᠠᠷᠲᠤ ᠺᠣᠮᠫᠠᠨᠢ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠡᠯᠳᠡᠰ ᠤᠨ ᠲᠠᠭᠠᠭᠠᠮᠠᠯ ᠤᠨ ᠲᠤᠰᠠᠯᠠᠭᠴᠢ ᠸᠠᠩ ᠴᠠᠩ ᠱᠧᠩ ᠲᠠᠨᠢᠯᠴᠠᠭᠤᠯᠪᠠ᠃        ᠥᠪᠥᠷ ᠮᠣᠩᠭᠤᠯ ᠤᠨ ᠺᠧ ᠴᠢᠨ ᠸᠠᠨ ᠵᠢᠶᠠ ᠢᠳᠡᠭᠡᠨ ᠤ ᠬᠢᠵᠠᠭᠠᠷᠲᠤ ᠺᠣᠮᠫᠠᠨᠢ ᠨᠢ ᠰᠢᠭᠤᠤᠨ ᠨᠡᠪᠳᠡᠷᠡᠬᠦᠯᠬᠦ ᠲᠠᠪᠴᠠᠩ ᠳᠤ ᠪᠤᠷᠤᠯᠠᠭᠤᠯᠬᠤ ᠶᠢᠨ ᠬᠠᠮᠳᠦ ᠵᠢᠩ ᠳ᠋ᠦᠩ᠂ ᠲᠤᠤ ᠪᠤᠤ᠂ ᠰᠢᠶᠤᠤ ᠬᠤᠩ ᠱᠦ ᠵᠡᠷᠭᠡ ᠲᠠᠪᠴᠠᠩ ᠳᠤ ᠲᠡᠯᠭᠡᠬᠦᠷ ᠨᠡᠭᠡᠭᠡᠪᠡ᠃ 2025 ᠣᠨ ᠳᠤ᠂ ᠲᠤᠰ ᠺᠣᠮᠫᠠᠨᠢ ᠠᠴᠠ ᠴᠠᠩᠴᠦ᠋ᠨ ᠬᠤᠲᠠ ᠳᠤ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭᠠᠨ ᠤ ᠡᠭᠦᠯᠡᠨ ᠬᠥᠮᠥᠷᠭᠡ ᠶᠢᠨ ᠰᠠᠭᠤᠷᠢᠨ ᠭᠠᠵᠠᠷ ᠢ ᠪᠠᠶᠢᠭᠤᠯᠵᠤ᠂ ᠨᠡᠩ ᠲᠤᠰᠬᠠᠢ ᠮᠡᠷᠭᠡᠵᠢᠯ ᠲᠠᠢ ᠰᠢᠭᠤᠳ ᠨᠡᠪᠳᠡᠷᠡᠬᠦᠯᠭᠡ ᠶᠢᠨ ᠪᠦᠯᠬᠦᠮ᠂ ᠨᠡᠩ ᠦᠨᠳᠦᠷ ᠪᠦᠳᠦᠮᠵᠢᠳᠡᠢ ᠪᠤᠳᠠᠰ ᠤᠨ ᠬᠦᠢᠯᠭᠡᠭᠡᠨ ᠤ ᠠᠷᠭ᠎ᠠ ᠮᠠᠶ᠋ᠢᠭ ᠢ ᠠᠰᠢᠭᠯᠠᠨ᠂ ᠰᠢᠯᠢᠳᠡᠭ ᠦᠢᠯᠡᠳᠬᠦᠨ ᠢᠶᠠᠨ ᠪᠦᠬᠦ ᠤᠯᠤᠰ ᠤᠨ ᠡᠯ᠎ᠡ ᠭᠠᠵᠠᠷ ᠲᠤ ᠪᠤᠷᠤᠯᠠᠭᠤᠯᠵᠦ ᠪᠤᠢ᠃        ᠥᠪᠥᠷ ᠮᠣᠩᠭᠤᠯ ᠤᠨ ᠴᠢᠶᠠᠨ ᠯᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠳᠦ ᠺᠤᠮᠫᠠᠨᠢ ᠶᠢᠨ ᠤᠨᠴᠠᠯᠢᠬᠳᠦ ᠮᠤᠩᠭᠤᠯ ᠭᠡᠷ ᠤᠨ ᠰᠢᠭᠤᠳ ᠨᠡᠪᠲᠡᠷᠡᠭᠦᠯᠭᠡ ᠶᠢᠨ ᠲᠠᠰᠤᠭ ᠲᠤ ᠨᠡᠪᠳᠡᠷᠡᠬᠦᠯᠦᠭᠴᠢ ᠠᠴᠠ ᠮᠤᠩᠭᠤᠯ ᠦᠨᠳᠦᠰᠦᠳᠡᠨ ᠤ ᠤᠨᠴᠠᠯᠢᠬᠳᠦ ᠬᠤᠪᠴᠠᠰᠦ ᠵᠠᠰᠠᠯ ᠢᠶᠠᠨ ᠡᠮᠦᠰᠴᠦ᠂ ᠨᠠᠷᠢᠯᠢᠭ ᠰᠠᠶᠢᠬᠠᠨ ᠭᠤᠶᠤᠯᠠᠨ᠂ ᠦᠷᠭᠡᠨ ᠤᠯᠠᠨ ᠰᠦᠯᠵᠢᠶᠡᠨ ᠠᠨᠳᠠ ᠳᠤ ᠬᠢᠩᠭᠠᠨ ᠠᠶᠢᠮᠠᠭ ᠤᠨ ᠪᠤᠬᠢᠷᠳᠤᠯ ᠦᠭᠡᠢ ᠴᠢᠨᠠᠷ ᠰᠠᠶᠢᠳᠠᠢ ᠪᠦᠳᠦᠭᠡᠭᠳᠡᠬᠦᠨ ᠢ ᠲᠠᠨᠢᠯᠴᠠᠭᠤᠯᠤᠨ᠎ᠠ᠃ ᠮᠠᠰᠢ ᠤᠯᠠᠨ ᠬᠠᠯᠠᠮᠰᠢᠯ ᠪᠦᠳᠦᠭᠡᠭᠳᠡᠬᠦᠨ ᠨᠢ ᠨᠡᠪᠳᠡᠷᠡᠬᠦᠯᠦᠭᠴᠢ ᠠᠴᠠ ᠲᠠᠨᠢᠯᠴᠠᠭᠤᠯᠵᠦ ᠲᠠᠭᠤᠰᠤᠮᠠᠭᠴᠠ ᠰᠦᠯᠵᠢᠶᠡᠨ ᠠᠨᠳᠠ ᠠᠴᠠ ᠬᠤᠭᠤᠰᠤᠷᠠᠳᠠᠯ᠎ᠠ ᠪᠤᠯᠢᠶᠠᠯᠳᠤᠨ ᠠᠪᠴᠠᠢ᠃        ︽ᠮᠠᠨ ᠤ ᠺᠣᠮᠫᠠᠨᠢ ᠪᠣᠯ ᠬᠠᠩᠭᠠᠯᠭ᠎ᠠ ᠶᠢᠨ ᠬᠡᠯᠬᠢᠶ᠎ᠡ ᠶᠢᠨ ᠠᠵᠦ ᠠᠬᠤᠶᠢᠯᠠᠯ ᠳᠤ ᠬᠠᠷᠢᠶᠠᠯᠠᠭᠳᠠᠨ᠎ᠠ᠂ ᠣᠳᠣᠬᠠᠨ ᠳᠤ ᠬᠢᠩᠭᠠᠨ ᠠᠶᠢᠮᠠᠭ ᠤᠨ 20 ᠭᠠᠷᠤᠢ ᠠᠵᠤ ᠠᠬᠤᠶᠢᠯᠠᠯ ᠤᠨ 50 ᠭᠠᠷᠤᠢ ᠲᠠᠷᠢᠶᠠᠯᠠᠩ ᠤᠨ ᠣᠨᠴᠠ ᠭᠠᠷᠤᠯᠲᠠ ᠶᠢ ᠮᠠᠨ ᠤ ᠰᠢᠭᠤᠳ ᠨᠡᠪᠲᠡᠷᠡᠭᠦᠯᠭᠡ ᠪᠠᠷ ᠪᠣᠷᠣᠯᠠᠭᠤᠯᠵᠤ᠂ ᠭᠠᠳᠠᠨ᠎ᠠ ᠠᠵᠢᠯᠯᠠᠵᠤ ᠪᠠᠶᠢᠭ᠎ᠠ ᠬᠥᠮᠦᠰ ᠲᠤ ᠥᠪᠡᠷ ᠤᠨ ᠨᠤᠲᠤᠭ ᠤᠰᠤᠨ ᠤ ᠪᠠᠨ ᠦᠨᠦᠷ ᠠᠮᠲᠠ ᠶᠢ ᠡᠳ᠋ᠯᠡᠭᠦᠯᠵᠦ ᠪᠠᠶᠢᠨ᠎ᠠ︾ ᠭᠡᠵᠦ ᠥᠪᠥᠷ ᠮᠣᠩᠭᠤᠯ ᠤᠨ ᠴᠢᠶᠠᠨ ᠯᠠᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠺᠣᠮᠫᠠᠨᠢ ᠶᠢᠨ ᠪᠠᠢ ᠰᠢᠤ ᠬᠤᠢ ᠬᠡᠯᠡᠪᠡ᠃        ᠤᠢᠢᠷ᠎ᠠ ᠶᠢᠨ ᠵᠢᠯ ᠠᠴᠠ ᠨᠠᠭᠠᠰᠢ᠂ ᠥᠪᠥᠷ ᠮᠣᠩᠭᠤᠯ ᠤᠨ ᠴᠢᠶᠠᠨ ᠯᠠᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠠᠰᠠ ᠡᠯᠧᠺᠲᠷᠤᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠪᠠᠷ ᠬᠦᠷᠢᠶ᠎ᠠ ᠬᠠᠰᠢᠶ᠎ᠠ ᠶᠢᠨ ᠠᠵᠦ ᠠᠬᠤᠢ ᠶᠢ ᠬᠦᠭᠵᠢᠬᠦᠯᠬᠦ ᠳᠤ ᠬᠦᠴᠦᠨ ᠨᠡᠮᠡᠷᠢᠯᠡᠵᠦ᠂ ᠤᠯᠠᠭᠠᠨᠬᠤᠳᠠ ᠶᠢᠨ ᠰᠡᠷᠭᠡᠨ ᠤᠳᠤ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠤᠨ ᠲᠤᠳᠤᠷᠭ᠎ᠠ ᠶᠢᠨ ᠲᠠᠷᠢᠶ᠎ᠠ ᠶᠢᠨ ᠨᠠᠶᠢᠮᠠᠯᠵᠢ᠂ ᠲᠦᠴᠢᠤᠸᠠᠨ ᠰᠢᠶᠠᠨ ᠤ ᠨᠠᠩᠬᠢ ᠡᠷᠳᠡᠨᠢ ᠰᠢᠰᠢ ᠵᠡᠷᠭᠡ ᠪᠦᠳᠦᠭᠡᠭᠳᠡᠬᠦᠨ ᠢ ᠪᠤᠷᠤᠯᠠᠭᠤᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠳᠤ ᠰᠢᠨ᠎ᠡ ᠠᠷᠭ᠎ᠠ ᠵᠠᠮ ᠨᠡᠭᠡᠭᠡᠨ ᠥᠭᠴᠦ᠂ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢ ᠴᠢᠨᠠᠭᠰᠢᠳᠠ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠡᠢ᠃        2025 ᠣᠨ ᠳᠤ᠂ ᠬᠢᠩᠭᠠᠨ ᠠᠶᠢᠮᠠᠭ ᠤᠨ ᠬᠢᠨ ᠰᠦᠯᠵᠢᠶᠡᠨ ᠳᠡᠭᠡᠷᠡᠬᠢ ᠬᠡᠷᠡᠭᠯᠡᠭᠡ ᠶᠢ ᠦᠷᠭᠦᠯᠵᠢᠯᠡᠨ ᠴᠢᠩᠭᠠᠳᠬᠠᠪᠠ᠃ ᠪᠥᠬᠦ ᠠᠶᠢᠮᠠᠭ ᠤᠨ ᠣᠯᠠᠨ ᠠᠵᠤ ᠠᠬᠤᠶᠢᠯᠠᠯ ᠰᠦᠯᠵᠢᠶᠡᠨ ᠳᠡᠯᠭᠡᠭᠦᠷ ᠤᠨ ᠪᠣᠷᠣᠯᠠᠭᠤᠯᠭ᠎ᠠ᠂ ᠡᠯᠧᠺᠲᠷᠤᠨ ᠬᠤᠳᠠᠯᠳᠤᠭᠠᠨ ᠤ ᠰᠢᠭᠤᠳ ᠨᠡᠪᠳᠡᠷᠡᠬᠦᠯᠭᠡ ᠪᠠᠷ ᠪᠠᠷᠠᠭ᠎ᠠ ᠪᠤᠷᠤᠯᠠᠭᠤᠯᠬᠤ ᠪᠠᠷ ᠲᠠᠮᠵᠢᠭᠤᠯᠤᠨ᠂ ᠲᠤᠤ ᠪᠦᠦ᠂ ᠲᠢᠶᠠᠨ ᠮᠤᠤ᠂ ᠵᠢᠩ ᠳ᠋ᠦᠩ᠂ ᠴᠤᠤᠷᠢᠶ᠎ᠠ ᠵᠡᠷᠭᠡ ᠲᠠᠪᠴᠠᠩ ᠳᠤ ᠡᠯ᠎ᠡ ᠵᠦᠢᠯ ᠤᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ ᠰᠦᠯᠵᠢᠶᠡᠨ ᠳᠡᠭᠡᠷᠡᠬᠢ ᠬᠡᠷᠡᠭᠯᠡᠭᠡᠨ ᠤ ᠵᠠᠬ᠎ᠠ ᠳᠡᠯᠭᠡᠭᠦᠷ ᠢ ᠬᠥᠭᠵᠢᠶᠡᠨᠲᠡᠶ ᠪᠤᠯᠭᠠᠨ᠂ ᠬᠢᠩᠭᠠᠨ ᠠᠶᠢᠮᠠᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ ᠢ ᠲᠡᠭᠡᠭᠰᠢᠯᠡᠬᠦᠯᠦᠨ᠂ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠶᠢᠨ ᠪᠣᠷᠣᠯᠠᠭᠤᠯᠭ᠎ᠠ ᠶᠢ ᠳᠠᠶᠢᠴᠢᠯᠠᠵᠤ᠂ ᠨᠢᠭᠡᠳᠦᠭᠡᠷ ᠰᠠᠷ᠎ᠠ ᠳᠤ᠂ ᠪᠥᠬᠦ ᠠᠶᠢᠮᠠᠭ ᠤᠨ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠬᠡᠮᠵᠢᠶ᠎ᠡ 1.29 ᠳ᠋ᠦᠩᠰᠢᠭᠤᠷ ᠲᠥᠭᠦᠷᠢᠭ ᠲᠤ ᠬᠦᠷᠴᠡᠶ᠃ · ᠰᠦᠨ ᠰᠢᠨ ᠢᠦᠶ ᠲᠤᠯᠭᠠᠭᠤᠷᠢ · 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号