| 5 ᠰᠠᠷ᠎ᠠ ᠶᠢᠨ 7 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠭᠤᠤᠯᠳᠠᠯᠭ᠎ᠠ ᠲᠠᠢ ᠲᠥᠷᠥᠯ | ᠵᠦᠢᠯ ᠤᠨ ᠠᠵᠢᠯ ᠰᠡᠷᠭᠦᠭᠡᠬᠦ ᠲᠤᠬᠠᠶ ᠶᠢᠨ ᠲᠠᠯᠠᠪᠤᠷ ᠤᠨ ᠬᠤᠷᠠᠯ ᠬᠢᠵᠦ᠂ ᠬᠢᠩᠭᠠᠨ ᠠᠶᠢᠮᠠᠭ ᠤᠨ ᠵᠠᠬᠢᠷᠭ᠎ᠠ ᠶᠢᠨ | ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤ᠋ ᠲᠤᠤ᠂ ᠬᠤᠰᠢᠭᠤᠨ ᠤ ᠤᠳᠤᠷᠢᠳᠤᠯᠭ᠎ᠠ ᠯᠢᠦ ᠬᠠᠶ ᠲᠤᠤ᠂ ᠸᠠᠩ ᠵᠢᠶᠠ ᠪᠥᠸᠧ᠂ ᠶᠤᠸᠠᠢ ᠰᠥᠩ ᠱᠠᠨ ᠵᠡᠷᠭᠡ | ᠳᠥᠷᠪᠡᠨ ᠶᠡᠭᠡ ᠪᠠᠭ ᠤᠨ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ | ᠰᠤᠮᠤ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠲᠤᠬᠠᠶ ᠶᠢᠨ ᠲᠠᠯᠠᠪᠤᠷ ᠤᠨ ᠬᠤᠷᠠᠯ ᠳᠤ ᠣᠷᠣᠯᠴᠠᠵᠠᠶ᠃ | ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠬᠤᠷᠠᠯ ᠳᠤ ᠣᠷᠣᠯᠴᠠᠭᠰᠠᠳ ᠤᠷᠢᠳ | ᠬᠤᠵᠢᠳ ᠮᠧᠶ ᠶᠤᠸᠠᠨ ᠵᠠᠮ᠂ ᠤᠯᠤᠰ ᠤᠨ ᠪᠣᠳᠠᠰ ᠤᠨ ᠲᠡᠮᠳᠡᠭ ᠤᠨ ᠲᠠᠪᠴᠠᠩ ︵ᠥᠪᠥᠷ ᠮᠣᠩᠭᠤᠯ︶ ᠵᠢᠴᠢ | ᠵᠣᠬᠢᠶᠠᠮᠠᠯ ᠣᠶᠤᠨᠴᠢ ᠪᠤᠳᠤᠯᠭ᠎ᠠ ᠶᠢᠨ ᠲᠥᠪ᠂ ᠬᠤᠰᠢᠭᠤᠨ ᠤ ᠬᠢᠳᠡᠳ ᠮᠣᠩᠭᠤᠯ ᠡᠮᠨᠡᠯᠭᠡ ᠶᠢᠨ ᠬᠤᠷᠢᠶ᠎ᠠ᠂ ᠶᠢᠨ | ᠪᠢᠨ ᠡᠮᠨᠡᠯᠭᠡ ᠰᠤᠪᠢᠯᠠᠯᠲᠠ ᠶᠢᠨ ᠲᠥᠪ᠂ ᠪᠣᠬᠢᠷ ᠤᠰᠤ ᠶᠢ ᠰᠢᠢᠳᠪᠤᠷᠢᠯᠡᠬᠦ ᠦᠢᠯᠡᠳᠪᠤᠷᠢ᠂ ᠢᠦᠶ ᠶᠤᠸᠠᠨ ᠰᠢᠤᠸᠠᠢ | ᠹᠦ᠋ ᠪᠠᠭ᠎ᠠ ᠲᠣᠭᠤᠷᠢᠭ ᠵᠡᠷᠭᠡ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠪᠠᠷ ᠬᠦᠷᠴᠦ᠂ | ᠪᠥᠬᠦ ᠬᠤᠰᠢᠭᠤᠨ ᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢ ᠦᠷᠭᠦᠯᠵᠢᠯᠡᠨ ᠪᠠᠶᠢᠭᠤᠯᠬᠤ | ᠵᠢᠴᠢ ᠰᠢᠨ᠎ᠡ ᠪᠠᠷ ᠪᠠᠶᠢᠭᠤᠯᠬᠤ ᠲᠥᠷᠥᠯ ᠵᠦᠢᠯ᠂ ᠵᠦᠩ ᠺᠧ ᠪᠤᠳᠤᠯᠭ᠎ᠠ ᠶᠢᠨ ᠲᠥᠪ᠂ ︽ᠰᠢᠨ᠎ᠡ ᠵᠢᠷᠭᠤᠭᠠᠨ | ᠪᠡᠭᠡᠵᠢᠩ︾᠂ ᠬᠢᠯᠢ ᠬᠢᠵᠠᠭᠠᠷ ᠣᠷᠣᠨ ᠤ ᠡᠮᠴᠢᠯᠡᠭᠡ ᠰᠤᠪᠢᠯᠠᠯᠲᠠ ᠶᠢᠨ ᠲᠥᠪ᠂ ᠪᠣᠬᠢᠷ ᠤᠰᠤ ᠶᠢ ᠰᠢᠢᠳᠪᠤᠷᠢᠯᠡᠬᠦ | ᠦᠢᠯᠡᠳᠪᠤᠷᠢ ᠶᠢᠨ ᠠᠬᠢᠴᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠠᠢ᠃ | ᠰᠦᠨ ᠱᠤ᠋ ᠲᠤᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠵᠤ᠂ ᠰᠢᠯᠢᠳᠡᠭ ᠢᠨᠵᠧᠨᠧᠷᠢᠩ ᠢ | ᠴᠣᠭᠴᠠᠯᠠᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠤᠬᠠᠮᠰᠠᠷ ᠪᠠ | ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ | ᠲᠦᠭᠵᠢᠷᠡᠯ ᠢ ᠠᠷᠢᠯᠭᠠᠨ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠦᠷᠦᠯ ᠵᠦᠢᠯ ᠢ ᠡᠷᠲᠡᠬᠡᠨ ᠪᠠᠶᠢᠭᠤᠯᠵᠤ | ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠬᠡᠷᠡᠭᠲᠡᠢ᠃ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ | ᠴᠢᠩᠭ᠎ᠠ ᠡᠵᠡᠮᠳᠡᠵᠦ᠂ ᠶᠠᠰᠤ ᠴᠢᠨᠠᠷ ᠪᠠ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ | ᠠᠬᠢᠴᠠ ᠶᠢ ᠲᠦᠷᠭᠡᠳᠬᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢᠨ ᠰᠠᠭᠤᠷᠢ ᠶᠢ ᠲᠠᠰᠤᠷᠠᠯᠳᠠ ᠦᠭᠡᠢ ᠪᠠᠲᠤᠳᠬᠠᠬᠤ ᠬᠡᠷᠡᠭᠲᠡᠢ ᠭᠡᠵᠡᠢ᠃ | ᠣᠶᠢᠯᠠᠭᠠᠭᠰᠠᠨ ᠢᠶᠠᠷ᠂ ᠡᠨᠡ ᠵᠢᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠵᠤ ᠦᠢᠯᠡᠳᠪᠦᠷᠢ ᠶᠢᠨ | ᠲᠥᠷᠥᠯ ᠵᠦᠢᠯ ᠢ 15 ᠡᠬᠢᠯᠡᠭᠦᠯᠦᠨ᠂ ᠣᠳᠣᠬᠠᠨ ᠳᠤ ᠨᠢᠭᠡᠨᠲᠡ ᠠᠵᠢᠯ ᠰᠡᠷᠭᠦᠭᠡᠭᠰᠡᠨ ᠲᠥᠷᠥᠯ ᠵᠦᠢᠯ 7 ᠪᠠᠶᠢᠨ᠎ᠠ᠂ | ᠲᠣᠰ ᠲᠣᠰ ᠵᠦᠩ ᠺᠧ ᠴᠤᠤ ᠰᠤᠸᠠᠨ ᠪᠤᠳᠤᠯᠭ᠎ᠠ ᠶᠢᠨ ᠲᠥᠪ ᠤᠨ ᠲᠥᠷᠥᠯ ᠵᠦᠢᠯ᠂ ᠳ᠋ᠧ ᠺᠠᠩ ᠢᠳᠡᠭᠡᠨ | ᠡᠳ᠋ᠰᠢᠭᠦᠯᠦᠨ ᠣᠶᠤᠨᠴᠢ ᠪᠠᠷ ᠦᠢᠯᠡᠳᠬᠦ ᠵᠢᠱᠢᠶ᠎ᠡ ᠦᠵᠡᠭᠦᠯᠬᠦ ᠲᠥᠷᠥᠯ ᠵᠦᠢᠯ᠂ ᠱᠦ ᠬᠠ ᠬᠠ ᠲᠥᠮᠥᠰᠥ ᠶᠢᠨ ᠪᠥᠬᠦ | ᠠᠵᠤ ᠦᠢᠯᠡᠰ ᠤᠨ ᠬᠡᠯᠬᠢᠶ᠎ᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠤᠯᠠᠮᠵᠢᠯᠠᠯᠲᠤ ᠴᠠᠭᠠᠨ | ᠢᠳᠡᠭᠡᠨ ᠡᠳ᠋ᠰᠢᠭᠦᠯᠬᠦ ᠦᠢᠯᠡᠳᠪᠤᠷᠢ ᠶᠢᠨ ᠲᠠᠰᠤᠭ ᠤᠨ ᠲᠥᠷᠥᠯ ᠵᠦᠢᠯ᠂ ᠬᠤᠸᠠ ᠸᠧ ᠹᠧᠩ ᠲᠠᠢ ᠮᠦᠬᠦ ᠶᠢᠨ | ᠰᠢᠷᠬᠡᠭ ᠤᠨ ᠤᠭᠤᠷᠠᠭ ᠤᠨ ᠦᠢᠯᠡᠳᠪᠤᠷᠢᠯᠡᠯ ᠤᠨ ᠲᠥᠷᠥᠯ ᠵᠦᠢᠯ᠂ ᠱᠧᠩ ᠽᠧ ᠰᠢᠨ᠎ᠡ ᠬᠡᠯᠪᠡᠷᠢ ᠶᠢᠨ | ᠪᠠᠷᠢᠯᠭ᠎ᠠ ᠶᠢᠨ ᠮᠠᠲ᠋ᠧᠷᠢᠶᠠᠯ ᠤᠨ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ ᠵᠠᠰᠠᠯ ᠴᠢᠮᠡᠭᠯᠡᠯ ᠤᠨ ᠨᠢᠭᠡ ᠴᠣᠭᠴᠠᠲᠤ | ᠬᠠᠪᠲᠠᠰᠤ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠴᠢ ᠱᠦᠢ ᠹᠠ ᠠᠭᠠᠯᠢᠭ ᠠᠯᠢᠮ᠎ᠠ ᠶᠢ ᠨᠠᠷᠢᠯᠢᠭ | ᠡᠳ᠋ᠰᠢᠭᠦᠯᠬᠦ ᠲᠥᠷᠥᠯ ᠵᠦᠢᠯ ᠪᠣᠯᠤᠨ᠎ᠠ᠃ |