ᠪᠦᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠲᠤᠷᠠᠳᠤᠯᠭ᠎ᠠ ᠶᠢ ᠲᠤᠰᠢᠶᠠᠨ ᠰᠢᠢᠳᠪᠤᠷᠢᠯᠡᠬᠦᠯᠬᠦ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2025/5/12
       5 ᠰᠠᠷ᠎ᠠ ᠶᠢᠨ 9 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠠᠰᠠᠭ ᠤᠨ ᠣᠷᠳᠣᠨ ᠤ ᠰᠢᠰᠲ᠋ᠧᠮ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠲᠤᠰᠢᠶᠠᠨ ᠰᠢᠢᠳᠪᠤᠷᠢᠯᠡᠬᠦᠯᠬᠦ ᠬᠤᠷᠠᠯ ᠬᠤᠷᠠᠯᠳᠤᠭᠤᠯᠵᠤ᠂ ᠪᠥᠬᠦ ᠵᠢᠯ ᠤᠨ 272 ᠰᠠᠨᠠᠯ ᠳᠤᠷᠠᠳᠤᠯᠭ᠎ᠠ ᠶᠢ ᠰᠢᠢᠳᠪᠤᠷᠢᠯᠡᠬᠦ ᠡᠭᠦᠷᠭᠡ ᠳᠤ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂ ᠲᠥᠯᠥᠭᠡᠯᠡᠭᠴᠢ ᠭᠡᠰᠢᠭᠦᠳ ᠤᠨ ︽ᠠᠷᠭ᠎ᠠ ᠤᠬᠠᠭᠠᠨ︾ ᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠥᠭᠵᠢᠯᠲᠡ ᠶᠢ ᠠᠬᠢᠭᠤᠯᠬᠤ ︽ᠦᠨᠡᠨ ᠪᠤᠳᠠᠳᠠᠢ ᠦᠷ᠎ᠡ ᠪᠦᠲᠦᠮᠵᠢ︾ ᠪᠣᠯᠭᠠᠨ ᠬᠤᠪᠢᠷᠠᠭᠤᠯᠬᠤ ᠶᠢ ᠳᠥᠯᠭᠢᠨ ᠠᠬᠢᠭᠤᠯᠵᠤ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠦᠢᠯᠡᠳᠦᠯᠭᠡ ᠶᠢᠨ ᠬᠦᠴᠦᠨ ᠢ ᠢᠯᠡᠷᠡᠭᠦᠯᠪᠡ᠃        ᠬᠤᠷᠠᠯ ᠠᠴᠠ᠂ ᠳᠠᠭᠠᠭᠠᠨ ᠠᠪᠴᠤ ᠰᠢᠢᠳᠪᠤᠷᠢᠯᠡᠬᠦ ᠪᠠᠶᠢᠭᠤᠯᠭ᠎ᠠ ᠨᠢᠭᠡᠴᠢ ᠨᠦᠭᠦᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠢᠳᠪᠤᠷᠢᠯᠡᠬᠦ ᠣᠶᠢᠯᠠᠭᠠᠭᠳᠠᠬᠤᠨ ᠢᠶᠠᠨ ᠭᠦᠨᠵᠡᠭᠡᠶᠢᠷᠡᠭᠦᠯᠦᠨ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ ᠪᠠᠷ ᠰᠢᠢᠳᠪᠤᠷᠢᠯᠡᠬᠦ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠳᠥᠯᠭᠢᠨ ᠠᠬᠢᠭᠤᠯᠬᠤ ᠬᠡᠷᠡᠭᠲᠡᠶ᠃ ᠪᠣᠳᠠᠲᠠᠢ ᠦᠷ᠎ᠡ ᠪᠦᠲᠦᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠢᠳᠪᠦᠷᠢᠯᠡᠬᠦ ᠶᠠᠰᠤ ᠴᠢᠨᠠᠷ ᠢ ᠴᠢᠩᠭᠠᠳᠬᠠᠨ᠂ ᠲᠦᠷᠦ ᠶᠢᠨ ᠪᠤᠳᠤᠯᠭ᠎ᠠ ᠶᠢᠨ ᠰᠤᠳᠤᠯᠭᠠᠨ ᠪᠠ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠲᠤᠰᠬᠠᠢ ᠠᠩᠬᠢ ᠵᠣᠬᠢᠶᠠᠨ ᠪᠠᠶᠢᠭᠤᠯᠵᠤ ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠬᠦᠴᠦ ᠪᠠᠨ  ᠦᠨᠡᠨ ᠬᠦ ᠲᠠᠯᠪᠢᠬᠤ ᠬᠡᠷᠡᠭᠲᠡᠢ᠃ ᠬᠠᠮᠵᠢᠯᠴᠠᠭ᠎ᠠ ᠪᠠᠨ ᠴᠢᠩᠭᠠᠳᠬᠠᠵᠤ᠂ ᠰᠢᠢᠳᠪᠤᠷᠢᠯᠡᠬᠦ ᠬᠠᠮᠲᠤᠷᠠᠯ ᠤᠨ ᠬᠦᠴᠦᠨ ᠢᠶᠠᠨ ᠨᠢᠭᠲᠠᠷᠠᠭᠤᠯᠤᠨ᠂ ᠲᠥᠯᠥᠭᠡᠯᠡᠭᠴᠢ ᠭᠡᠰᠢᠭᠦᠨ᠂ ᠬᠠᠮᠲᠤ ᠪᠠᠷ ᠳᠠᠭᠠᠭᠠᠨ ᠭᠦᠢᠴᠡᠳᠭᠡᠬᠦ ᠪᠠᠶᠢᠭᠤᠯᠭ᠎ᠠ ᠨᠢᠭᠡᠴᠢ ᠵᠢᠴᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠰᠢᠢᠳᠪᠤᠷᠢᠯᠡᠬᠦ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠲᠦᠷᠢᠮ ᠲᠣᠭᠲᠠᠴᠠ ᠶᠢ ᠪᠦᠷᠢᠨᠰᠢᠬᠦᠯᠵᠦ᠂ ᠰᠢᠢᠳᠪᠤᠷᠢᠯᠡᠬᠦ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠬᠡᠷᠡᠭᠲᠡᠶ᠃ ᠡᠯ᠎ᠡ ᠳᠠᠭᠠᠭᠠᠨ ᠭᠦᠢᠴᠡᠳᠭᠡᠬᠦ ᠪᠠᠶᠢᠭᠤᠯᠭ᠎ᠠ ᠨᠢᠭᠡᠴᠢ ᠨᠦᠭᠦᠳ ︽ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠲᠥᠯᠥᠭᠡᠯᠡᠭᠴᠢ ᠭᠡᠰᠢᠭᠦᠳ ᠲᠠᠢ ︽ᠭᠤᠷᠪᠠᠨᠳᠠ ᠵᠣᠯᠭᠠᠭᠤᠯᠵᠤ︾᠂ ᠭᠦᠢᠴᠡᠳᠭᠡᠬᠦ ᠡᠭᠦᠷᠭᠡ ᠪᠠᠨ ᠴᠠᠭ ᠲᠤᠬᠠᠶ ᠳᠤᠨᠢ ᠴᠢᠨᠠᠷ ᠢ ᠪᠠᠲᠤᠯᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠃ ᠱᠠᠯᠠᠪᠳᠠᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠳᠠᠯᠠᠵᠤ᠂ ᠭᠦᠢᠴᠡᠳᠭᠡᠬᠦ ᠪᠣᠳᠠᠲᠤ ᠦᠷ᠎ᠡ ᠪᠦᠲᠦᠮᠵᠢ ᠶᠢ ᠦᠨᠡᠨ ᠬᠦ ᠪᠠᠲᠤᠯᠠᠨ᠂ ᠬᠤᠰᠢᠭᠤᠨ ᠤ ᠵᠠᠰᠠᠭ ᠤᠨ ᠣᠷᠳᠣᠨ ᠤ ᠱᠠᠯᠠᠪᠳᠠᠨ ᠪᠠᠶᠢᠴᠠᠭᠠᠬᠤ ᠲᠠᠰᠤᠭ ᠤᠨ ᠬᠢᠨ ᠲᠤᠰᠬᠠᠶ ᠵᠦᠢᠯ ᠢᠶᠠᠷ ᠱᠠᠯᠠᠪᠳᠠᠨ ᠪᠠᠶᠢᠴᠠᠭᠠᠬᠤ᠂ ᠬᠠᠮᠲᠤᠷᠠᠨ ᠱᠠᠯᠠᠪᠳᠠᠨ ᠪᠠᠶᠢᠴᠠᠭᠠᠬᠤ᠂ ︽ᠳᠥᠷᠪᠡ ᠥᠬᠡᠶ ᠬᠤᠶᠠᠷ ᠰᠢᠭᠤᠳ ︾ ᠪᠣᠳᠠᠲᠠᠶ ᠭᠠᠵᠠᠷ ᠲᠤᠨᠢ ᠱᠠᠯᠠᠪᠳᠠᠨ ᠪᠠᠶᠢᠴᠠᠭᠠᠬᠤ ᠵᠡᠷᠭᠡ ᠬᠡᠯᠪᠡᠷᠢ ᠶᠢ ᠠᠪᠴᠤ᠂ ᠭᠦᠢᠴᠡᠳᠭᠡᠬᠦ ᠠᠬᠢᠴᠠ ᠪᠠ ᠶᠠᠰᠤ ᠴᠢᠨᠠᠷ ᠢ ᠪᠥᠬᠦ ᠲᠠᠯ᠎ᠠ ᠪᠠᠷ ᠡᠵᠡᠮᠰᠢᠬᠦ ᠬᠡᠷᠡᠭᠳᠡᠢ ᠭᠡᠵᠦ ᠴᠢᠬᠤᠯᠠᠴᠢᠯᠠᠪᠠ᠃      ᠬᠤᠷᠠᠯ ᠠᠴᠠ 2024 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ  ᠭᠦᠢᠴᠡᠳᠭᠡᠭᠰᠡᠨ ᠪᠠᠶᠢᠳᠠᠯ ᠪᠠ 2025 ᠣᠨ ᠤ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠬᠤᠷᠠᠯ ᠤᠨ ᠰᠠᠨᠠᠯ ᠳᠤᠷᠠᠳᠤᠯᠭ᠎ᠠ ᠶᠢ ᠴᠤᠭᠯᠠᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ 2025 ᠣᠨ ᠤ ᠰᠠᠨᠠᠯ ᠳᠤᠷᠠᠳᠤᠯᠭ᠎ᠠ ᠶᠢ ᠰᠢᠢᠳᠪᠤᠷᠢᠯᠡᠬᠦ ᠠᠵᠢᠯ ᠢ ᠨᠠᠶᠢᠳᠠᠪᠤᠷᠢᠵᠢᠭᠤᠯᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠠᠶ᠃ ᠣᠶᠢᠯᠠᠭᠠᠭᠰᠠᠨ ᠢᠶᠠᠷ᠂ 2025 ᠣᠨ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠨᠡᠶᠢᠲᠡ 272 ᠰᠠᠨᠠᠯ ᠳᠤᠷᠠᠳᠤᠯᠭ᠎ᠠ ᠶᠢ ᠭᠥᠯᠢᠶᠡᠨ ᠠᠪᠴᠠᠶ ᠂ ᠡᠭᠦᠨ ᠳᠤ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠰᠠᠨᠠᠯ ᠳᠤᠷᠠᠳᠤᠯᠭ᠎ᠠ 60᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ 108᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠰᠠᠨᠠᠯ ᠳᠤᠷᠠᠳᠤᠯᠭ᠎ᠠ 104 ᠪᠤᠢ᠃ ᠡᠲᠡᠭᠡᠷ ᠰᠠᠨᠠᠯ ᠲᠤᠷᠠᠳᠤᠯᠭ᠎ᠠ ᠨᠢ ᠠᠵᠤ ᠠᠬᠤᠶ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ᠂ ᠨᠡᠶᠢᠭᠡᠮ ᠤᠨ ᠵᠠᠰᠠᠯᠲᠠ ᠵᠡᠷᠭᠡ ᠣᠯᠠᠨ ᠬᠦᠷᠢᠶ᠎ᠡ ᠴᠠᠷᠠᠭ᠎ᠠ ᠶᠢ ᠬᠠᠮᠤᠷᠴᠤ᠂ ᠲᠥᠯᠥᠭᠡᠯᠡᠭᠴᠢᠳ ᠭᠡᠰᠢᠭᠦᠳ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠬᠤ ᠪᠠ ᠴᠢᠩ ᠰᠡᠳᠬᠢᠯ ᠤᠨ ᠬᠦᠰᠡᠯ ᠡᠷᠡᠮᠡᠯᠵᠡᠯ ᠢ ᠭᠦᠢᠴᠡᠳ ᠬᠠᠷᠠᠭᠤᠯᠤᠭᠰᠠᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号