| 5 ᠰᠠᠷ᠎ᠠ ᠶᠢᠨ 9 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ︽ᠠᠵᠤ ᠠᠬᠤᠶᠢᠯᠠᠯ ᠢ | ᠲᠤᠰᠠᠯᠠᠬᠤ ᠠᠵᠢᠯᠯᠠᠭ᠎ᠠ︾ ᠦᠷᠨᠢᠭᠦᠯᠵᠦ᠂ ᠮᠥᠩᠭᠦᠨ ᠭᠦᠢᠯᠭᠡᠭᠡᠨ ᠢᠶᠠᠷ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠠᠷᠢᠯᠴᠠᠬᠤ ᠬᠤᠷᠠᠯ ᠵᠢᠴᠢ ᠵᠠᠰᠠᠭ ᠤᠨ ᠤᠷᠳᠤᠨ ᠮᠦᠩᠭᠦᠨ ᠭᠦᠢᠯᠭᠡᠭᠡᠨ ᠠᠵᠤ ᠠᠬᠤᠶᠢᠯᠠᠯ ᠢ | ᠵᠣᠯᠭᠠᠭᠤᠯᠤᠨ ᠬᠠᠮᠵᠢᠯᠴᠠᠭᠤᠯᠬᠤ ᠬᠤᠷᠠᠯ ᠬᠢᠪᠠ᠃ ᠷᠠᠰᠢᠶᠠᠨ ᠤ ᠮᠦᠩᠭᠦᠨ ᠭᠦᠢᠯᠭᠡᠭᠡᠨ ᠤ ᠬᠢᠨᠠᠨ | ᠬᠠᠮᠢᠶᠠᠷᠤᠯᠲᠠ ᠶᠢᠨ ᠰᠠᠯᠪᠤᠷᠢ ᠲᠣᠪᠴᠢᠶ᠎ᠠ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠣᠪᠴᠢᠶ᠎ᠠ ᠵᠡᠷᠭᠡ ᠠᠵᠢᠯ ᠲᠥᠷᠥᠯ ᠤᠨ ᠭᠤᠤᠯ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ | ᠬᠠᠮᠢᠶ᠎ᠠ ᠪᠥᠬᠦᠶ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠲᠥᠯᠥᠭᠡᠯᠡᠭᠴᠢ᠂ ᠬᠠᠷᠢᠶ᠎ᠠ ᠣᠷᠣᠨ ᠤ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠳ ᠨᠢᠭᠡ ᠲᠠᠩᠬᠢᠮ ᠳᠤ ᠴᠤᠭᠯᠠᠷᠠᠵᠤ᠂ ᠮᠥᠩᠭᠦᠨ | ᠭᠦᠢᠯᠭᠡᠭᠡᠨ ᠢᠶᠠᠷ ᠠᠵᠤ ᠠᠬᠤᠶᠢᠯᠠᠯ ᠢ ᠲᠤᠰᠠᠯᠠᠬᠤ ᠰᠢᠨ᠎ᠡ ᠠᠷᠭ᠎ᠠ ᠵᠠᠮ ᠢ ᠬᠠᠮᠲᠤ ᠪᠠᠷ ᠬᠠᠶᠢᠨ ᠰᠦᠪᠡᠭᠴᠢᠯᠡᠵᠡᠶ᠃ | ᠬᠤᠷᠠᠯ ᠳᠡᠭᠡᠷ᠎ᠡ᠂ ᠡᠯ᠎ᠡ ᠠᠵᠢᠯ ᠲᠥᠷᠥᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠳ ᠡᠭᠦᠷᠭᠡ | ᠴᠢᠳᠠᠪᠬᠢ ᠳᠠᠭᠠᠨ ᠰᠠᠭᠤᠷᠢᠯᠠᠨ᠂ ︽ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ︾ ᠥᠷᠨᠢᠭᠦᠯᠦᠭᠰᠡᠨ ᠪᠠᠶᠢᠳᠠᠯ ᠬᠢᠭᠡᠳ | ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠷᠢᠨ ᠲᠠᠨᠢᠯᠴᠠᠭᠤᠯᠵᠤ᠂ ᠲᠥᠷᠥ ᠶᠢᠨ | ᠪᠣᠳᠣᠯᠭ᠎ᠠ ᠶᠢ ᠠᠵᠤ ᠠᠬᠤᠶᠢᠯᠠᠯ ᠳᠤ ᠰᠢᠭᠤᠳ ᠬᠦᠷᠭᠡᠬᠦ ᠶᠢ ᠠᠬᠢᠭᠤᠯᠪᠠ᠃ ᠡᠯ᠎ᠡ ᠮᠥᠩᠭᠦᠨ ᠭᠦᠢᠯᠭᠡᠭᠡᠨ ᠤ | ᠪᠠᠶᠢᠭᠤᠯᠤᠮᠵᠢ ᠰᠢᠨ᠎ᠡ ᠶᠢ ᠡᠭᠦᠳᠬᠦ ᠦᠢᠯᠡᠳᠬᠦᠨ ᠢᠶᠠᠨ ᠢᠳᠡᠪᠬᠢᠲᠡᠢ ᠲᠠᠨᠢᠯᠴᠠᠭᠤᠯᠵᠤ᠂ ᠬᠥᠭᠵᠢᠯᠲᠡ ᠶᠢᠨ ᠬᠦᠰᠡᠯ | ᠱᠠᠭᠠᠷᠳᠠᠯᠭ᠎ᠠ ᠪᠠᠨ ᠳᠤᠷᠠᠳᠴᠤ᠂ ᠠᠵᠤ ᠠᠬᠤᠶᠢᠯᠠᠯᠲᠠᠳ ᠠᠵᠢᠯ ᠲᠦᠷᠦᠯ ᠤᠨ ᠣᠨᠴᠠᠯᠢᠭ᠂ ᠪᠡᠯᠡ ᠮᠥᠩᠭᠦ | ᠴᠤᠭᠯᠠᠭᠤᠯᠬᠤ ᠬᠡᠷᠡᠭᠴᠡᠭᠡ ᠶᠢᠨ ᠲᠣᠭᠤᠷᠢᠨ ᠳᠤ ᠰᠠᠨᠠᠯ ᠢᠶᠠᠨ ᠰᠤᠯᠢᠯᠴᠠᠵᠠᠢ᠃ | ᠬᠤᠷᠠᠯ ᠠᠴᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠢᠷᠭᠤᠭᠠᠨ ᠠᠵᠢᠯᠯᠠᠭ᠎ᠠ︾ ᠶᠢ ᠭᠦᠨᠵᠡᠭᠡᠶᠢᠷᠡᠭᠦᠯᠤᠨ᠂ ︽ | ᠵᠠᠬᠢᠶᠠᠯᠠᠭ᠎ᠠ ᠶᠢᠨ ᠬᠡᠯᠪᠡᠷᠢ︾ ᠪᠠᠷ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ ᠳᠤ ᠴᠢᠭᠯᠡᠯ ᠢ ᠲᠣᠳᠣᠷᠬᠠᠢ | ᠵᠢᠭᠠᠵᠤ ᠥᠭᠴᠡᠢ᠃ ᠬᠤᠷᠠᠯ ᠠᠴᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠᠷᠢᠴᠠᠭᠠᠨ ᠤ ᠪᠣᠳᠠᠰ ᠤᠨ ᠪᠣᠱᠤᠭ᠎ᠠ | ᠥᠨᠳᠥᠷ᠂ ᠢᠲᠡᠭᠡᠮᠵᠢ ᠶᠢᠨ ᠬᠡᠮᠵᠢᠶ᠎ᠡ ᠬᠦᠷᠦᠯᠴᠡᠬᠦ ᠦᠭᠡᠢ ᠵᠡᠷᠭᠡ ᠠᠵᠤ ᠠᠬᠤᠶᠢᠯᠠᠯ ᠤᠨ ᠲᠤᠰᠬᠠᠬᠰᠠᠨ ᠳᠤᠪᠤᠶᠢᠮ᠎ᠠ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠪᠬᠢᠲᠡᠢ ᠪᠠᠷ ᠬᠠᠷᠢᠭᠤ ᠲᠤᠰᠬᠠᠵᠤ᠂ | ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠬᠦ ᠠᠷᠭ᠎ᠠ ᠪᠤᠳᠤᠯᠭ᠎ᠠ ᠶᠢ ᠡᠷᠢᠯᠬᠢᠯᠡᠨ᠂ ︽ᠮᠥᠩᠭᠦᠨ ᠭᠦᠢᠯᠭᠡᠭᠡᠨ ᠤ | ᠪᠠᠶᠢᠭᠤᠯᠤᠮᠵᠢ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠳᠤ ᠥᠨᠳᠥᠷ ᠪᠦᠲᠦᠮᠵᠢᠲᠡᠢ ᠪᠠᠷ ᠨᠢᠬᠡ ᠤᠴᠢᠷ | ᠶᠠᠪᠤᠳᠠᠯ ᠢ ᠭᠦᠢᠴᠡᠳᠭᠡᠵᠦ ᠥᠭᠬᠦ︾ ᠠᠵᠢᠯᠯᠠᠭ᠎ᠠ ᠥᠷᠨᠢᠭᠦᠯᠵᠦ᠂ ᠮᠥᠩᠭᠦᠨ ᠭᠦᠢᠯᠭᠡᠭᠡᠨ ᠤ ᠲᠦᠷᠦ ᠶᠢᠨ | ᠪᠤᠳᠤᠯᠭ᠎ᠠ ᠶᠢᠨ ᠠᠰᠢᠭ ᠲᠤᠰᠠ ᠶᠢ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠳᠤ ᠣᠨᠣᠪᠴᠢᠲᠠᠢ | ᠬᠦᠷᠲᠡᠭᠡᠬᠦ ᠶᠢ ᠪᠠᠲᠤᠯᠠᠵᠤ᠂ ᠠᠵᠤ ᠦᠢᠯᠡᠰ ᠤᠨ ᠳᠡᠰ ᠳᠡᠪᠰᠢᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃ |