ᠰᠦ ᠶᠢᠨ ᠦᠨᠦᠷ ᠬᠠᠨᠭ᠍ᠬᠤᠯᠤᠬᠰᠠᠨ ᠰᠠᠶᠢᠬᠠᠨ ᠠᠮᠢᠳᠦᠷᠠᠯ
ᠨᠡᠶᠢᠲᠡᠯᠡᠭᠰᠡᠨ ᠴᠠᠭ᠄
2025/5/14
      ᠲᠦᠷᠦᠬᠦᠭᠡᠨ ᠰᠤᠷᠪᠤᠯᠵᠢᠯᠠᠬᠴᠢ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠲᠤᠬᠤᠮ ᠰᠤᠮᠤ ᠶᠢᠨ ᠬᠤᠯᠪᠤᠭ᠎ᠠ ᠭᠠᠴᠠᠭ᠎ᠠ ᠶᠢᠨ ᠬᠠᠯᠬ᠎ᠠ ᠶᠢᠨ ᠵᠢᠯᠠᠭ᠎ᠠ ᠶᠢᠨ ᠡᠬᠢ ᠳᠤ ᠰᠠᠭᠤᠷᠢᠰᠢᠵᠦ ᠪᠠᠶᠢᠭ᠎ᠠ ᠮᠠᠯᠴᠢᠨ ᠹᠦ᠋ ᠵᠢᠶᠧ᠂ ᠦᠯᠵᠡᠶᠢᠲᠤᠬᠳᠠᠬᠤ ᠶᠢᠨ ᠬᠠᠪᠦᠷᠵᠢᠶᠡᠨ ᠳᠤ ᠬᠦᠷᠬᠦ ᠳᠤ᠂ ᠦᠨᠢᠶ᠎ᠡ ᠲᠤᠭᠤᠯ ᠮᠦᠬᠡᠷᠦᠯᠳᠦᠨ᠂ ᠠᠶᠢᠷᠠᠭ ᠰᠦ ᠶᠢᠨ ᠦᠨᠦᠷ ᠬᠠᠨᠭ᠍ᠬᠤᠯᠤᠨ᠂ ᠬᠡᠷ ᠲᠦᠬᠦᠷᠡᠩ ᠬᠤᠷᠤᠳ ᠠᠭᠠᠷᠤᠤᠯ ᠲᠡᠯᠬᠡᠭᠳᠡᠵᠦ ᠪᠠᠶᠢᠯ᠎ᠠ᠃ ᠹᠦ᠋ ᠵᠢᠶᠧ᠂ ᠦᠯᠵᠡᠶᠢᠳᠤᠬᠳᠠᠬᠤ ᠶᠢᠨ ᠬᠢᠨ 100 ᠭᠠᠷᠦᠢ ᠪᠤᠳᠠ ᠮᠠᠯ᠂ 600 ᠭᠠᠷᠦᠢ ᠪᠤᠭ ᠮᠠᠯ ᠲᠠᠢ᠂ ᠦᠨᠦ ᠬᠠᠪᠦᠷ ᠠᠷᠪᠠᠭᠠᠳ ᠦᠨᠢᠶ᠎ᠡ ᠶᠢᠨ ᠢᠶᠠᠨ ᠰᠦ ᠪᠠᠷ ᠴᠠᠭᠠᠨ ᠢᠳᠡᠭᠡᠨ ᠪᠤᠯᠪᠠᠰᠤᠷᠠᠭᠤᠯᠵᠤ ᠪᠠᠶᠢᠬᠤ ᠶᠢ ᠮᠡᠳᠡᠯ᠎ᠡ᠃      ᠮᠠᠯᠵᠢᠬᠤ ᠨᠤᠳᠤᠭ ᠲᠤ ᠲᠦᠷᠦᠵᠦ ᠦᠰᠦᠭᠰᠡᠨ ᠹᠦ᠋ ᠵᠢᠶᠧ ᠬᠠᠷᠠᠬᠠᠨ ᠪᠠᠭ᠎ᠠ ᠠᠴᠠ ᠪᠠᠨ ᠡᠵᠢ ᠶᠢᠨ ᠢᠶᠠᠨ ᠬᠢᠭᠰᠡᠨ ᠬᠤᠷᠤᠳ ᠲᠤᠰᠤ ᠶᠢ ᠢᠳᠡᠬᠦ ᠲᠤᠷᠠᠳᠠᠢ ᠪᠦᠭᠡᠳ ᠡᠵᠢ ᠪᠠᠨ ᠬᠠᠮᠵᠢᠨ ᠦᠨᠢᠶ᠎ᠡ ᠰᠠᠭᠠᠵᠦ᠂ ᠬᠤᠷᠤᠳ ᠲᠤᠰᠤ ᠬᠢᠬᠦ ᠳᠤᠨᠢ ᠲᠤᠰᠠ ᠪᠤᠯᠳᠠᠭ ᠪᠠᠶᠢᠵᠠᠢ᠃ ᠲᠡᠷᠡ ᠬᠡᠷ ᠪᠦᠯᠢ ᠪᠠᠶᠢᠭᠤᠯᠤᠬᠰᠠᠨ ᠤ ᠲᠠᠷᠠᠭ᠎ᠠ᠂ ᠵᠢᠯ ᠤᠨ ᠲᠦᠷᠪᠡᠨ ᠤᠯᠠᠷᠢᠯ ᠬᠠᠪᠦᠷᠵᠢᠶᠠᠨ ᠳᠠᠭᠠᠨ ᠰᠠᠭᠤᠵᠦ᠂ ᠡᠷ᠎ᠡ ᠨᠦᠬᠦᠷ ᠲᠠᠢ ᠪᠠᠨ ᠬᠠᠮᠳᠤ ᠠᠳᠤᠭᠤ ᠮᠠᠯ ᠲᠠᠢ ᠪᠠᠨ ᠨᠤᠤᠷᠠᠯᠳᠤᠨ᠂ ᠬᠡᠴᠢᠨᠡᠬᠡᠨ ᠶᠠᠭᠠᠷᠠᠤ ᠪᠠᠶᠢᠬᠰᠠᠨ ᠴᠤ ᠦᠨᠢᠶ᠎ᠡ ᠰᠠᠭᠠᠵᠦ ᠴᠠᠭᠠᠨ ᠢᠳᠡᠭᠡᠨ ᠬᠢᠬᠦ ᠪᠠᠨ ᠶᠡᠷᠦ ᠳᠠᠰᠤᠯᠳᠠᠭᠤᠯᠤᠬᠰᠠᠨ ᠦᠬᠡᠢ ᠪᠠᠶᠢᠯ᠎ᠠ᠃ ᠤᠳᠤ ᠪᠤᠯᠬᠤ ᠳᠤ ᠬᠤᠷᠢᠭᠠᠳ ᠵᠢᠯ ᠮᠠᠯᠵᠢᠬᠤ ᠤᠷᠤᠨ ᠤ ᠤᠯᠠᠮᠵᠢᠯᠠᠯᠳᠤ ᠠᠷᠭ᠎ᠠ ᠪᠠᠷ ᠬᠤᠷᠤᠳ ᠲᠤᠰᠤ ᠬᠢᠵᠦ᠂ ᠪᠠᠭ᠎ᠠ ᠶᠢᠨ ᠦᠶ᠎ᠡ ᠶᠢᠨ ᠢᠳᠡᠳᠡᠭ ᠦᠨᠦᠷ ᠠᠮᠳᠠ ᠶᠢ ᠪᠠᠳᠦᠯᠠᠬᠤ ᠶᠢᠨ ᠳᠠᠭᠠᠤ ᠬᠤᠯᠠ ᠤᠶᠢᠷ᠎ᠠ ᠶᠢᠨ ᠤᠯᠠᠨ ᠬᠦᠮᠦᠨ ᠤ ᠠᠩᠬᠠᠷᠦᠯ ᠢ ᠲᠠᠳᠠᠵᠦ᠂ ᠴᠠᠭᠠᠨ ᠢᠳᠡᠬᠡᠨ ᠢᠶᠠᠨ ᠬᠦᠬᠡᠬᠤᠳᠠ᠂ ᠬᠦᠯᠦᠨ ᠪᠤᠶᠢᠷ᠂ ᠲᠦᠡᠭᠯᠢᠶᠤᠤ ᠵᠡᠷᠭᠡ ᠭᠠᠵᠠᠷ ᠢᠶᠠᠷ ᠪᠤᠷᠤᠯᠠᠭᠤᠯᠵᠦ᠂ ᠵᠢᠯ ᠳᠤ 2 ᠲᠦᠮᠡ ᠭᠠᠷᠦᠢ ᠲᠦᠬᠦᠷᠢᠭ ᠤᠨ ᠤᠷᠤᠯᠭ᠎ᠠ ᠤᠯᠵᠦ ᠠᠳᠠᠯ ᠠᠮᠢᠳᠦᠷᠠᠯ ᠳᠠᠭᠠᠨ ᠨᠡᠮᠡᠬᠦᠷᠢ ᠪᠤᠯᠵᠦ ᠶᠠᠪᠤᠨ᠎ᠠ ᠪᠢᠯᠡ᠃      ᠹᠦ᠋ ᠵᠢᠶᠧ ᠦᠨᠢᠶᠡᠨ ᠰᠦ ᠪᠠᠷ ᠢᠶᠠᠨ ᠬᠤᠷᠤᠳ ᠡᠬᠡᠵᠡᠬᠡᠢ ᠬᠢᠬᠦ ᠶᠢᠨ ᠬᠠᠮᠳᠤ ᠬᠤᠷᠠᠭ᠎ᠠ ᠢᠰᠢᠭᠡ ᠪᠠᠨ ᠤᠬᠵᠢᠵᠦ᠂ ᠰᠦ ᠴᠠᠭ᠎ᠠ ᠪᠠᠨ ᠰᠠᠶᠢᠳᠦᠷ ᠠᠰᠢᠬᠯᠠᠵᠦ ᠪᠠᠶᠢᠳᠠᠭ᠃ ᠲᠡᠷᠡ ᠤᠶᠢᠷ᠎ᠠ ᠶᠢᠨ ᠬᠡᠳᠦᠨ ᠵᠢᠯ ᠤᠯᠠᠮᠵᠢᠯᠠᠯᠳᠤ ᠴᠠᠭᠠᠨ ᠢᠳᠡᠬᠡᠨ ᠬᠢᠬᠦ ᠪᠠᠨ ᠪᠠᠳᠦᠯᠠᠬᠰᠠᠠ ᠰᠠᠭᠤᠷᠢᠨ ᠲᠡᠭᠡᠷ᠎ᠡ᠂ ᠵᠠᠬ᠎ᠠ ᠲᠡᠯᠬᠡᠬᠦᠷ ᠤᠨ ᠱᠠᠭᠠᠷᠳᠠᠯᠭ᠎ᠠ ᠳᠤ ᠨᠡᠶᠢᠴᠡᠬᠦᠯᠬᠦ ᠪᠠᠷ ᠰᠢᠨ᠎ᠠ ᠮᠠᠶ᠋ᠢᠭ ᠤᠨ ᠰᠦ ᠲᠠᠢ ᠰᠢᠬᠢᠷ ᠬᠢᠬᠦ ᠠᠷᠭ᠎ᠠ ᠮᠡᠷᠬᠡᠵᠢᠯ ᠢ ᠰᠤᠷᠴᠦ ᠡᠵᠡᠮᠰᠢᠬᠦ ᠪᠠᠷ ᠴᠠᠭᠠᠨ ᠢᠳᠡᠬᠡᠨ ᠤ ᠪᠤᠯᠪᠠᠰᠦᠷᠠᠯ ᠳᠤ ᠢᠳᠡᠪᠬᠢᠳᠡᠢ ᠤᠷᠤᠯᠴᠠᠵᠦ ᠪᠤᠢ᠃ ᠠᠵᠢᠯᠴᠢ ᠪᠤᠷᠤᠬᠵᠢᠭᠤᠨ ᠪᠦᠭᠡᠳ ᠡᠯᠪᠡᠷᠢᠯ ᠵᠢᠷᠦᠮ ᠲᠠᠢ ᠹᠦ᠋ ᠵᠢᠶᠧ ᠡᠷᠦᠬᠡ ᠬᠡᠷ ᠢᠶᠠᠨ ᠦᠭᠡᠳᠡ ᠲᠠᠳᠠᠵᠦ᠂ ᠪᠤᠰᠤᠳ ᠤᠨ ᠡᠮᠦᠨ᠎ᠡ ᠬᠢᠯᠠᠷᠠᠭᠤᠯᠵᠦ ᠶᠠᠪᠤᠬᠤ ᠬᠠᠳᠠᠭᠤ ᠵᠤᠷᠢᠭ ᠢ ᠡᠪᠦᠷᠯᠡᠨ᠂ ᠡᠬᠡᠯ ᠵᠢᠷ ᠤᠨ ᠠᠮᠢᠳᠦᠷᠠᠯ ᠢᠶᠠᠨ ᠦᠡᠭᠭᠡ ᠲᠠᠢ ᠦᠬᠡᠳᠡ ᠲᠠᠢ ᠠᠪᠴᠦ ᠶᠠᠪᠤᠬᠤ ᠪᠠᠷ ᠡᠴᠢᠨᠡᠬᠡᠨ ᠵᠢᠯ ᠰᠢᠷᠭᠠᠭᠤ ᠠᠵᠢᠯᠯᠠᠵᠦ᠂ ᠲᠤᠷᠠᠳᠠᠢ ᠪᠠᠭ᠋ᠠᠳᠠᠢ ᠰᠦ ᠴᠠᠭᠠᠨ ᠢᠳᠡᠭᠡ ᠪᠠᠨ ᠬᠢᠵᠦ᠂ ᠰᠡᠳᠬᠢᠯ ᠲᠡᠨᠢᠬᠦᠨ ᠪᠠᠶᠠᠰᠴᠦ ᠶᠠᠪᠤᠭ᠎ᠠ ᠶᠤᠮ᠃ ᠡᠤ ᠰᠡᠷᠬᠦᠯᠡᠩ ᠮᠡᠳᠡᠬᠡᠯᠡᠪᠡ
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号